ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠣᠰᠢᠯᠠᠭᠤᠯᠤᠨᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠶᠠᠨᠨᠠᠭᠤᠷ ᠬᠤᠲᠠ ᠶᠢᠨ | ᠠᠷᠠᠳ ᠤᠨ ᠵᠠᠰᠠᠭ ᠤᠨ ᠣᠷᠳᠣᠨ ︽ᠪᠠᠶᠠᠨᠨᠠᠭᠤᠷ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠤᠳᠠᠯ ᠥᠬᠡᠶ | ᠨᠡᠶᠢᠲᠡᠯᠡᠬᠦ ᠭᠡᠵᠦ ᠪᠠᠶᠢᠭ᠎ᠠ ᠪᠣᠯᠬᠤᠷ ᠬᠡᠷᠡᠭᠵᠢᠭᠦᠯᠬᠦ ᠲᠥᠰᠦᠯ ᠢ ᠭᠤᠷᠪᠠᠨ ᠬᠡᠰᠡᠭ ᠲᠤ ᠬᠤᠪᠢᠶᠠᠵᠤ᠂ 6 ᠵᠦᠢᠯ ᠤᠨ ᠭᠤᠤᠯᠳᠠᠯᠭ᠎ᠠ ᠲᠠᠢ ᠡᠭᠦᠷᠭᠡ 24 ᠵᠦᠢᠯ ᠤᠨ | ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠪᠠ᠂ ᠡᠳᠦᠭᠡ ᠲᠥᠰᠦᠯ ᠢ ᠦᠨᠳᠦᠰᠦᠯᠡᠨ ᠳᠣᠤᠷᠠᠬᠢ ᠮᠡᠲᠦ ᠲᠠᠶᠢᠯᠪᠤᠷᠢᠯᠠᠶ᠎ᠠ᠄ | ᠨᠢᠭᠡᠳᠦᠭᠡᠷ ᠬᠡᠰᠡᠭ ᠶᠡᠷᠦᠩᠬᠡᠢ ᠱᠠᠭᠠᠷᠳᠠᠯᠭ᠎ᠠ ᠠᠵᠢᠯ ᠣᠯᠭᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠠᠵᠢᠯ ᠣᠯᠭᠤᠯᠲᠠ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠶ | ᠵᠣᠬᠢᠰᠲᠠᠶ ᠨᠡᠮᠡᠭᠳᠡᠯ ᠢ ᠠᠬᠢᠭᠤᠯᠬᠤ ᠪᠠᠷ ᠬᠠᠷᠠᠯᠲᠠ ᠪᠣᠯᠭᠠᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ | ᠴᠢᠩᠭᠠᠳᠬᠠᠵᠤ᠂ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠦᠨ᠂ ᠭᠤᠤᠯᠳᠠᠯᠭ᠎ᠠ ᠲᠠᠢ ᠬᠦᠮᠦᠰ ᠤᠨ ᠠᠵᠢᠯ | ᠣᠯᠭᠤᠯᠲᠠ ᠶᠢ ᠳᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠪᠠᠷ ᠴᠢᠨᠠᠷ ᠰᠠᠶᠢᠲᠠᠶ ᠭᠦᠢᠴᠡᠳ | ᠠᠵᠢᠯ ᠣᠯᠭᠤᠯᠲᠠ ᠶᠢ ᠠᠬᠢᠭᠤᠯᠤᠨ᠎ᠠ᠃ | 2025 ᠣᠨ ᠳᠤ ᠬᠤᠲᠠ ᠪᠠᠯᠭᠠᠰᠤ ᠶᠢ ᠳᠠᠶᠢᠴᠢᠯᠠᠨ 7500 ᠬᠥᠮᠦᠨ ᠠᠴᠠ ᠳᠡᠭᠡᠭᠰᠢ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ | ᠬᠦᠴᠦᠨ ᠢ 11.9 ᠲᠦᠮᠡ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠵᠤ᠂ ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ 2000 ᠬᠥᠮᠦᠨ ᠠᠴᠠ | ᠳᠡᠭᠡᠭᠰᠢ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢᠨ ᠵᠢᠱᠢᠬᠦ ᠬᠠᠷᠠᠯᠲᠠ ᠶᠢ 5.5% ᠣᠷᠴᠢᠮ ᠳᠤ | ᠪᠠᠶᠢᠯᠭᠠᠨ᠎ᠠ︔ ᠠᠵᠢᠯ ᠣᠯᠤᠭᠰᠠᠨ ᠬᠥᠮᠦᠨ ᠥᠬᠡᠶ ᠬᠡᠷ ᠪᠦᠯᠢ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠢ ᠬᠠᠪᠰᠤᠷᠤᠨ | ᠲᠡᠳᠬᠦᠬᠦ ᠨᠣᠷᠮ᠎ᠠ ᠶᠢ 100% ᠳᠤ ᠬᠦᠷᠦᠭᠦᠯᠵᠦ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠴᠣᠩᠬᠤᠪᠴᠢ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ | 100% ᠳᠤ ᠬᠦᠷᠦᠭᠦᠯᠪᠡ︔ ᠪᠥᠬᠦ ᠬᠤᠲᠠ ᠶᠢᠨ ᠰᠢᠨ᠎ᠡ ᠪᠠᠷ ᠨᠡᠮᠡᠭᠳᠡᠭᠰᠡᠨ ᠤᠷ᠎ᠠ ᠴᠢᠳᠠᠪᠤᠷᠢ ᠶᠢᠨ ᠴᠢᠳᠠᠪᠤᠷᠢᠲᠠᠨ ᠢ 3000 ᠬᠥᠮᠦᠨ ᠠᠴᠠ ᠳᠡᠭᠡᠭᠰᠢ ᠳᠤ | ᠬᠦᠷᠦᠭᠦᠯᠦᠨ᠎ᠡ᠃ ᠬᠤᠶᠠᠳᠤᠭᠠᠷ ᠬᠡᠰᠡᠭ ᠭᠤᠣᠯᠳᠠᠯᠭ᠎ᠠ ᠲᠠᠢ ᠡᠭᠦᠷᠭᠡ | ︵ᠨᠢᠭᠡ︶ ᠠᠵᠤ ᠠᠬᠤᠢ ᠶᠢᠨ ᠬᠦᠭᠵᠢᠯᠲᠡ ᠶᠢᠨ ᠠᠵᠢᠯ ᠣᠯᠭᠤᠯᠲᠠ ᠶᠢᠨ ᠲᠤᠯᠭᠠᠭᠤᠷᠢᠯᠠᠯ ᠢ ᠴᠢᠩᠭᠠᠳᠬᠠᠨ᠎ᠠ ᠬᠡᠷᠡᠭᠵᠢᠭᠦᠯᠬᠦ ᠲᠥᠰᠦᠯ ᠳᠤ ︽ᠠᠵᠤ ᠦᠢᠯᠡᠰ | ᠬᠢᠭᠡᠳ ᠠᠵᠢᠯ ᠣᠯᠭᠤᠯᠲᠠ ᠶᠢᠨ ᠬᠠᠮᠵᠢᠯᠴᠠᠭᠠᠨ ᠤ ᠴᠢᠨᠠᠷ ᠢ ᠴᠢᠩᠭᠠᠳᠬᠠᠵᠤ᠂ ᠬᠤᠶᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ᠬᠤᠪᠢ ᠶᠢᠨ ᠵᠢᠩ ᠢ | ᠳᠡᠭᠡᠭᠰᠢᠯᠡᠭᠦᠯᠵᠦ᠂ ᠭᠤᠷᠪᠠᠳᠤᠭᠠᠷ ᠠᠵᠤ ᠦᠢᠯᠡᠰ ᠤᠨ ᠠᠵᠢᠯ ᠣᠯᠭᠤᠯᠲᠠ ᠶᠢᠨ ᠬᠡᠪᠴᠢᠶ᠎ᠡ ᠶᠢ ᠥᠷᠭᠡᠳᠬᠡᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠬᠦ︾ 7 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠠᠢ᠃ ᠴᠢᠬᠤᠯᠠ ᠶᠡᠭᠡ ᠲᠥᠷᠥᠯ | ᠵᠦᠢᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠤ ᠠᠬᠤᠶᠢᠯᠠᠯ ᠤᠨ ᠠᠵᠢᠯᠴᠢᠨ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠲᠥᠰᠦᠭᠡᠯᠡᠬᠦ ᠶᠢ ᠤᠷᠢᠳᠴᠢᠯᠠᠨ ᠥᠷᠨᠢᠭᠦᠯᠵᠦ᠂ ᠠᠵᠤ ᠦᠢᠯᠡᠰ ᠤᠨ ᠬᠥᠭᠵᠢᠯᠲᠡ ᠬᠢᠭᠡᠳ ᠠᠵᠢᠯ | ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠬᠠᠷᠢᠯᠴᠠᠨ ᠠᠬᠢᠭᠤᠯᠵᠤ ᠬᠠᠷᠢᠯᠴᠠᠨ ᠠᠬᠢᠭᠤᠯᠬᠤ ᠰᠠᠶᠢᠨ ᠣᠷᠴᠢᠯ ᠢ ᠪᠣᠶ ᠪᠣᠯᠭᠠᠬᠤ ᠬᠡᠷᠡᠭᠲᠡᠢ︔ ᠭᠤᠷᠪᠠᠳᠤᠭᠠᠷ | ᠠᠵᠤ ᠦᠢᠯᠡᠰ ᠤᠨ ᠰᠢᠨ᠎ᠡ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ 7000 ᠭᠠᠷᠤᠶ ᠠᠭᠤᠳᠠᠯᠬᠤ ᠬᠡᠷᠡᠭᠲᠡᠶ︔ ᠣᠷᠣᠨ ᠨᠤᠲᠤᠭ ᠤᠨ ᠲᠠᠷᠢᠶᠠᠯᠠᠩ ᠮᠠᠯ | ᠠᠵᠤ ᠠᠬᠤᠢ ᠶᠢᠨ ᠳᠠᠪᠠᠭᠤᠯᠢᠭ ᠢ ᠪᠠᠳᠠᠷᠠᠭᠤᠯᠵᠤ᠂ 200 ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ 12 ᠲᠠᠷᠢᠶᠠᠴᠢᠨ ᠤ ᠲᠤᠰᠬᠠᠢ ᠬᠤᠷᠰᠢᠶ᠎ᠠ ᠶᠢᠨ | ᠰᠢᠨ᠎ᠡ ᠭᠡᠷᠡᠴᠢᠯᠡᠯ ᠢ 200 ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠵᠦ᠂ ᠲᠥᠬᠦᠭᠡᠷᠦᠮᠵᠢᠲᠦ ᠲᠠᠷᠢᠶᠠᠯᠠᠩ 2.8 ᠲᠦᠮᠡᠨ ᠮᠦ | ᠰᠢᠨ᠎ᠡ ᠪᠠᠷ ᠨᠡᠮᠡᠭᠳᠡᠭᠦᠯᠵᠦ᠂ 38 ᠤᠶᠤᠨᠲᠤ ᠮᠠᠯᠵᠢᠯ ᠤᠨ ᠲᠠᠯᠠᠪᠠᠢ ᠶᠢ ᠰᠢᠨ᠎ᠡ ᠪᠠᠷ ᠪᠠᠶᠢᠭᠤᠯᠵᠤ᠂ ᠠᠵᠤ ᠦᠢᠯᠡᠰ ᠤᠨ ᠬᠤᠯᠪᠣᠯᠳᠤᠯ ᠪᠠ ᠠᠰᠢᠭ ᠲᠤᠰᠠ ᠶᠢᠨ | ᠬᠤᠯᠪᠣᠭᠠᠨ ᠤ ᠲᠣᠭᠲᠠᠴᠠ ᠪᠠᠷ ᠳᠠᠮᠵᠢᠭᠤᠯᠤᠨ ᠡᠩ ᠤᠨ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ᠎ᠠ︔ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ᠂ | ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠡᠮᠵᠢᠯᠭᠡ᠂ ᠠᠵᠤ ᠠᠬᠤᠶᠢᠯᠠᠯ ᠢ ᠲᠤᠰᠠᠯᠠᠬᠤ ᠠᠵᠢᠯ ᠤᠨ ᠪᠠᠶᠢᠷᠢ ᠶᠢ 70% ᠳᠤ ᠬᠦᠷᠦᠭᠦᠯᠬᠦ ᠪᠠᠷ ᠴᠢᠷᠮᠠᠶᠢᠨ᠎ᠠ᠃ | ︵ᠬᠤᠶᠠᠷ︶ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠤᠨ᠎ᠠ ᠬᠡᠷᠡᠭᠵᠢᠭᠦᠯᠬᠦ ᠲᠥᠰᠦᠯ ᠳᠤ ︽ᠠᠳᠠᠯ | ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ︾ 2 | ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠪᠠ᠃ ᠨᠢᠭᠡ ᠯᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ 3 ᠬᠥᠮᠦᠨ ᠠᠴᠠ ᠳᠡᠭᠡᠭᠰᠢ ᠠᠵᠢᠯ ᠣᠯᠭᠤᠬᠤ ᠶᠢ ᠳᠠᠶᠢᠴᠢᠯᠠᠬᠤ ᠶᠢᠨ ᠬᠠᠮᠲᠤ ᠲᠡᠭᠦᠨ ᠳᠤ ᠨᠢᠭᠡ ᠵᠢᠯ ᠠᠴᠠ ᠳᠡᠭᠡᠭᠰᠢ | ᠨᠡᠶᠢᠭᠡᠮ ᠤᠨ ᠳᠠᠭᠠᠳᠬᠠᠯ ᠲᠤᠰᠢᠶᠠᠭᠰᠠᠨ ᠪᠠᠶᠢᠪᠠᠯ᠂ 2 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢᠨ ᠨᠥᠬᠦᠪᠥᠷᠢ ᠶᠢ ᠳᠠᠶᠢᠴᠢᠯᠠᠵᠤ᠂ ᠬᠡᠪ ᠢᠶᠠᠷ ᠠᠵᠢᠯᠯᠠᠭᠠᠳ 3 ᠵᠢᠯ ᠠᠴᠠ ᠳᠡᠭᠡᠭᠰᠢ ᠪᠣᠯᠤᠭᠰᠠᠨ ᠮᠥᠷᠲᠡᠭᠡᠨ ᠠᠵᠢᠯ ᠣᠯᠭᠤᠯᠲᠠ ᠶᠢ ᠳᠠᠶᠢᠴᠢᠯᠠᠭᠰᠠᠨ | ᠬᠥᠮᠦᠨ ᠤ ᠲᠤᠭ᠎ᠠ ᠶᠢ ᠬᠠᠰᠤᠭᠰᠠᠨ ᠥᠬᠡᠶ ᠪᠠᠶᠢᠪᠠᠯ᠂ ᠳᠠᠬᠢᠨ 2 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠨᠥᠬᠦᠪᠥᠷᠢ ᠣᠯᠭᠤᠬᠤ ᠬᠡᠷᠡᠭᠲᠡᠶ︔ | ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭ᠎ᠠ︾ ᠶᠢ ᠭᠦᠨᠵᠡᠭᠡᠶᠢᠷᠡᠭᠦᠯᠵᠦ᠂ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠬᠤᠲᠠ ᠳᠤ ᠠᠳᠠᠯ ᠦᠢᠯᠡᠰ ᠴᠣᠭᠴᠠᠯᠠᠬᠤ ᠶᠢ ᠵᠢᠯᠣᠭᠤᠳᠬᠤ ᠮᠠᠰᠲ᠋ᠧᠷ ᠤᠨ ᠠᠵᠢᠯᠯᠠᠬᠤ ᠲᠠᠰᠤᠭ 1 | ᠪᠠᠶᠢᠭᠤᠯᠤᠨ᠎ᠠ᠃ | ︵ᠭᠤᠷᠪᠠ︶ ᠠᠵᠢᠯ ᠤᠯᠭᠤᠯᠲᠠ ᠶᠢᠨ ᠪᠦᠲᠦᠴᠡ ᠶᠢᠨ ᠴᠢᠨᠠᠷᠲᠠᠢ ᠵᠦᠷᠢᠴᠡᠯ ᠢ ᠰᠢᠢᠳᠪᠦᠷᠢᠯᠡᠨ᠎ᠡ ᠬᠡᠷᠡᠭᠵᠢᠭᠦᠯᠬᠦ ᠲᠥᠰᠦᠯ ᠳᠤ ︽ᠰᠤᠷᠭᠠᠨ ᠬᠥᠮᠦᠵᠢᠯ ᠠᠵᠢᠯ | ᠣᠯᠭᠤᠯᠲᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ᠂ ᠮᠡᠷᠭᠡᠵᠢᠯ ᠤᠨ ᠠᠵᠢᠯᠴᠢᠨ ᠤ ᠰᠤᠷᠭᠠᠨ ᠬᠥᠮᠦᠵᠢᠯ ᠢ ᠳᠡᠮᠵᠢᠨ ᠬᠥᠭᠵᠢᠭᠦᠯᠬᠦ᠂ ᠪᠣᠯᠪᠠᠰᠤᠷᠠᠯ ᠤᠨ | ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠬᠦ᠂ ᠪᠣᠯᠪᠠᠰᠤᠷᠠᠯ ᠤᠨ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ︾ 5 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠪᠠ᠃ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠬᠢᠭᠡᠳ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠶ | ᠮᠡᠷᠭᠡᠵᠢᠯ ᠤᠨ ᠵᠥᠷᠢᠶᠡᠴᠢᠯᠡᠭᠰᠡᠨ ᠰᠤᠷᠤᠭᠴᠢ ᠨᠢᠭᠡᠪᠦᠷᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠥᠷᠢ ᠥᠭᠬᠦ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠬᠢᠭᠡᠳ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠠᠵᠢᠯ ᠮᠡᠷᠭᠡᠵᠢᠯ ᠤᠨ | ᠰᠤᠷᠭᠠᠭᠤᠯᠢ ᠶᠢᠨ ᠬᠠᠮᠲᠤ ᠪᠠᠷ ᠰᠢᠨ᠎ᠡ ᠬᠡᠯᠪᠡᠷᠢ ᠶᠢᠨ ᠱᠠᠪᠢ ᠠᠵᠢᠯᠴᠢᠨ ᠤ ᠲᠦᠷᠢᠮ ᠤᠨ ᠪᠣᠯᠪᠠᠰᠤᠷᠠᠯ ᠢ ᠥᠷᠨᠢᠭᠦᠯᠬᠦ ᠶᠢ ᠵᠥᠪᠰᠢᠶᠡᠷᠡᠨ᠎ᠡ︔ ᠪᠠᠶᠠᠨᠨᠠᠭᠤᠷ ᠤᠨ | ᠮᠠᠰᠲ᠋ᠧᠷ ᠤᠨ ᠳᠡᠭᠡᠳᠦ ᠰᠤᠷᠭᠠᠭᠤᠯᠢ ︵ᠪᠠᠶᠠᠨᠨᠠᠭᠤᠷ ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ︶ ᠪᠠ ᠪᠠᠶᠠᠨᠨᠠᠭᠤᠷ ᠤᠨ ᠬᠡᠷᠡᠭᠯᠡᠭᠡᠨ ᠤ ᠮᠠᠰᠲ᠋ᠧᠷ ᠤᠨ ᠳᠡᠭᠡᠳᠦ | ᠰᠤᠷᠭᠠᠭᠤᠯᠢ ︵ᠬᠠᠩᠭᠢᠨ ᠬᠤᠶᠢᠲᠤ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ︶ ᠶᠢᠨ ᠬᠥᠭᠵᠢᠯᠲᠡ ᠶᠢ ᠳᠡᠮᠵᠢᠵᠦ᠂ ᠥᠨᠳᠥᠷ ᠬᠡᠪ | ᠴᠢᠨᠠᠷ ᠲᠠᠢ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ︔ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ | ᠭᠠᠵᠠᠷ ᠢ ᠭᠤᠶᠤᠴᠢᠯᠠᠨ ᠮᠡᠳᠡᠭᠦᠯᠵᠦ᠂ ︽ᠪᠣᠯᠪᠠᠰᠤᠷᠠᠯ - ᠬᠢᠨᠠᠨ ᠲᠣᠭᠲᠠᠭᠠᠬᠤ - ᠠᠵᠢᠯ ᠣᠯᠭᠤᠬᠤ︾ ᠶᠢ ᠨᠢᠭᠡ ᠴᠣᠭᠴᠠᠵᠢᠭᠤᠯᠤᠭᠰᠠᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠳᠡᠭᠡᠳᠦ ᠤᠷ᠎ᠠ ᠴᠢᠳᠠᠪᠤᠷᠢ ᠶᠢᠨ ᠴᠢᠳᠠᠪᠤᠷᠢᠲᠠᠨ ᠤ | ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ︔ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ︽ᠪᠣᠷᠣᠲᠣᠬᠤᠶ ᠶᠢᠨ ᠤᠷᠠᠨ ᠳᠠᠷᠬᠠᠨ︾ | ᠤ ᠠᠵᠢᠯᠯᠠᠭ᠎ᠠ ᠶᠢ ᠥᠷᠨᠢᠭᠦᠯᠵᠦ᠂ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠬᠥᠳᠡᠯᠮᠦᠷᠢ ᠦᠢᠯᠡᠴᠢᠯᠡᠭᠡ︾ ᠶᠢᠨ ᠨᠠᠷᠠᠲᠤ ᠲᠡᠮᠳᠡᠭᠲᠦ ᠶᠢ | ᠪᠥᠬᠦ ᠬᠤᠲᠠ ᠳᠤ ᠠᠳᠠᠭ ᠲᠠᠭᠠᠨ 2 ︽ᠣᠨᠴᠠᠯᠢᠭᠲᠤ ᠠᠵᠤ ᠦᠢᠯᠡᠰ ᠤᠨ ᠣᠨᠴᠠᠯᠢᠭᠲᠤ ᠬᠥᠳᠡᠯᠮᠦᠷᠢ ᠦᠢᠯᠡᠴᠢᠯᠡᠭᠡ︾ ᠶᠢᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ | ︵ᠲᠦᠷᠪᠡ︶ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠠᠬᠢᠭᠤᠯᠤᠨ᠎ᠠ | ᠬᠡᠷᠡᠭᠵᠢᠭᠦᠯᠬᠦ ᠲᠥᠰᠦᠯ ᠳᠤ ︽ᠳᠡᠭᠡᠳᠦ ᠰᠤᠷᠭᠠᠭᠤᠯᠢ ᠲᠡᠭᠦᠰᠦᠭᠰᠡᠳ ᠢ ᠰᠢᠯᠭᠠᠨ ᠡᠯᠰᠡᠨ ᠤᠷᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠢ ᠬᠥᠲᠥᠯᠦᠨ ᠵᠢᠯᠣᠭᠤᠳᠴᠤ ᠪᠠᠶᠢᠭᠠᠳ ᠦᠨᠳᠦᠰᠦᠨ ᠱᠠᠲᠤᠨ ᠳᠤ ᠣᠴᠢᠭᠤᠯᠤᠨ ᠦᠢᠯᠡᠴᠢᠯᠡᠭᠦᠯᠵᠦ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠪᠣᠷᠣᠲᠣᠬᠤᠶ ᠶᠢᠨ ᠢᠨᠵᠧᠨᠧᠷᠢᠩ ᠢ ᠬᠡᠷᠡᠭᠵᠢᠭᠦᠯᠦᠨ᠂ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ | ᠠᠬᠢᠭᠤᠯᠵᠤ᠂ ᠬᠦᠴᠢᠷᠳᠡᠯᠲᠡᠶ ᠬᠥᠮᠦᠰ ᠲᠤ ᠠᠵᠢᠯ ᠣᠯᠭᠤᠵᠤ ᠬᠠᠪᠰᠤᠷᠤᠨ ᠲᠡᠳᠬᠦᠬᠦ ᠶᠢ ᠴᠢᠩᠭᠠᠳᠬᠠᠬᠤ︾ 5 ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠪᠠ᠃ ᠳᠡᠭᠡᠳᠦ | ᠰᠤᠷᠭᠠᠭᠤᠯᠢ ᠲᠡᠭᠦᠰᠦᠭᠰᠡᠳ ᠢ ᠰᠢᠯᠭᠠᠨ ᠡᠯᠰᠡᠨ ᠤᠷᠢᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ | ᠪᠦᠲᠦᠮᠵᠢᠲᠡᠶ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠪᠣᠯᠤᠨ ᠨᠡᠶᠢᠭᠡᠮ | ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠯᠰᠡᠭᠰᠡᠨ ᠬᠥᠮᠦᠨ ᠤ ᠲᠤᠭ᠎ᠠ ᠶᠢ 600 ᠬᠥᠮᠦᠨ ᠠᠴᠠ ᠳᠡᠭᠡᠭᠰᠢ ᠪᠠᠶᠢᠯᠭᠠᠬᠤ | ᠬᠡᠷᠡᠭᠲᠡᠶ᠃ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠨᠥᠭᠡᠴᠡᠯᠡᠬᠦ ᠲᠥᠯᠥᠪᠯᠡᠭᠡ ᠶᠢᠨ ᠠᠵᠢᠯᠲᠠᠨ ᠤ ᠰᠠᠷ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢ 700 | ᠲᠥᠭᠦᠷᠢᠭ / ᠬᠥᠮᠦᠨ ᠠᠴᠠ 1000 ᠲᠥᠭᠦᠷᠢᠭ ᠪᠣᠯᠭᠠᠨ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢ | ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠭᠠᠵᠠᠷ ᠣᠷᠣᠨ ᠤ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢᠨ 70% ᠪᠣᠯᠭᠠᠨ | ᠳᠡᠭᠡᠭᠰᠢᠯᠡᠭᠦᠯᠵᠦ᠂ ᠳᠠᠳᠤᠯᠭ᠎ᠠ ᠶᠢᠨ ᠬᠤᠭᠤᠴᠠᠭ᠎ᠠ ᠨᠢ ᠳᠦᠭᠦᠷᠴᠦ ᠦᠯᠡᠭᠦᠦ ᠬᠡᠷᠡᠭᠯᠡᠯᠲᠡ ᠶᠢᠨ ᠨᠣᠷᠮ᠎ᠠ 50% ᠠᠴᠠ ᠳᠡᠭᠡᠭᠰᠢ ᠳᠤ ᠬᠦᠷᠦᠭᠰᠡᠨ ᠨᠢᠭᠡᠴᠡ ᠳᠤ | ᠨᠥᠬᠦᠪᠥᠷᠢ ᠶᠢᠨ ᠪᠠᠷᠢᠮᠵᠢᠶ᠎ᠠ ᠶᠢ 100% ᠬᠦᠷᠲᠡᠯ᠎ᠡ ᠳᠡᠭᠡᠭᠰᠢᠯᠡᠭᠦᠯᠵᠦ᠂ ᠳᠠᠳᠤᠯᠭ᠎ᠠ ᠶᠢᠨ ᠬᠤᠭᠤᠴᠠᠭ᠎ᠠ ᠨᠢ ᠳᠠᠭᠤᠰᠤᠭᠠᠳᠤᠶ ᠳᠠᠭᠠᠵᠤ ᠰᠤᠷᠬᠤ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ︔ ᠮᠠᠨ ᠤ ᠬᠤᠲᠠ ᠶᠢᠨ ︽ᠲᠡᠭᠷᠢ ᠶᠢᠨ ᠬᠡᠰᠢᠭᠲᠦ ᠪᠣᠷᠣᠲᠣᠬᠤᠶ · ᠰᠤᠳᠤᠨ ᠴᠢᠳᠠᠪᠤᠷᠢᠲᠠᠨ ᠢ | ᠥᠷᠭᠡᠨ ᠢᠶᠠᠷ ᠣᠷᠣᠭᠤᠯᠬᠤ︾ ᠲᠤᠰᠬᠠᠶ ᠵᠦᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠪᠠᠶᠠᠨᠨᠠᠭᠤᠷ ᠤᠨ | ︽ᠨᠤᠲᠤᠭ ᠲᠠᠭᠠᠨ ᠪᠤᠴᠠᠬᠤ ᠲᠥᠯᠥᠪᠯᠡᠭᠡ︾ ᠶᠢ ᠬᠡᠷᠡᠭᠵᠢᠭᠦᠯᠵᠦ᠂ ᠨᠤᠲᠤᠭ ᠤᠨ ᠨᠠᠩ ᠣᠯᠠᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠨᠤᠲᠤᠭ ᠤᠰᠤᠨ ᠳᠠᠭᠠᠨ | ᠦᠯᠡᠳᠡᠭᠡᠵᠦ᠂ ᠨᠤᠲᠤᠭ ᠤᠰᠤ ᠪᠠᠨ ᠪᠥᠲᠥᠭᠡᠨ ᠪᠠᠶᠢᠭᠤᠯᠤᠨ᠎ᠠ︔ ᠠᠵᠤ ᠦᠢᠯᠡᠰ ᠤᠨ ᠬᠥᠭᠵᠢᠯᠲᠡ ᠶᠢᠨ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠣᠭᠤᠷᠢᠨ ᠳᠤ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠢ ᠴᠢᠷᠮᠠᠶᠢᠨ | ᠣᠯᠤᠨ᠎ᠠ᠃ ᠡᠭᠦᠨ ᠤ ᠬᠠᠮᠲᠤ ᠭᠤᠤᠯᠳᠠᠯᠭ᠎ᠠ ᠲᠠᠢ ᠬᠦᠷᠢᠶᠡᠨ ᠳᠤ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠠᠭᠪᠤᠷ ᠢ ᠵᠣᠬᠢᠰᠲᠠᠶ ᠳᠡᠯᠭᠡᠷᠡᠭᠦᠯᠵᠦ᠂ | ᠲᠥᠷᠥᠯ ᠵᠦᠢᠯ ᠤᠨ ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠮᠠᠯᠴᠢᠨ ᠲᠠᠷᠢᠶᠠᠴᠢᠨ ᠤ ᠪᠠᠷᠢᠯᠭ᠎ᠠ ᠶᠢᠨ ᠠᠩᠭᠢ᠂ ᠬᠥᠳᠡᠯᠮᠦᠷᠢ | ᠦᠢᠯᠡᠴᠢᠯᠡᠭᠡᠨ ᠤ ᠬᠤᠷᠰᠢᠶ᠎ᠠ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯᠴᠢᠨ ᠬᠡᠷᠡᠭᠯᠡᠬᠦ ᠵᠣᠬᠢᠶᠠᠨ ᠪᠠᠶᠢᠭᠤᠯᠤᠯᠲᠠ ᠶᠢ | ᠴᠢᠩᠭᠠᠳᠬᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯᠴᠢᠨ ᠬᠡᠷᠡᠭᠯᠡᠬᠦ ᠪᠠ ᠮᠠᠯᠴᠢᠨ ᠲᠠᠷᠢᠶᠠᠴᠢᠨ ᠤ ᠲᠤᠬᠠᠶ ᠶᠢᠨ ᠭᠠᠵᠠᠷ ᠤᠨ ᠣᠶᠢᠷ᠎ᠠ ᠬᠠᠪᠢ ᠳᠠᠭᠠᠨ | ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠣᠯᠠᠨ ᠠᠷᠭ᠎ᠠ ᠵᠠᠮ ᠢᠶᠠᠷ ᠠᠬᠢᠭᠤᠯᠬᠤ ᠬᠡᠷᠡᠭᠲᠡᠶ︔ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠬᠦᠴᠢᠷᠳᠡᠯᠲᠡᠶ ᠬᠥᠮᠦᠰ ᠤᠨ ︽ᠬᠥᠮᠦᠰ ᠢ ᠲᠥᠷᠥᠯ ᠬᠤᠪᠢᠶᠠᠬᠤ᠂ ᠦᠢᠯᠡᠴᠢᠯᠡᠭᠡ ᠶᠢ ᠲᠠᠰ ᠬᠤᠪᠢᠶᠠᠬᠤ᠂ ᠰᠠᠯᠠᠭ᠎ᠠ ᠮᠥᠴᠢᠷ | ᠬᠤᠯᠪᠣᠭᠠᠯᠠᠨ ᠬᠥᠳᠡᠯᠦᠯᠴᠡᠬᠦ︾ ᠠᠵᠢᠯ ᠣᠯᠵᠤ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠪᠠ ᠠᠵᠢᠯ | ᠣᠯᠬᠤ ᠶᠢ ᠰᠡᠷᠭᠡᠶᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠬᠢᠨᠠᠨ ᠬᠡᠮᠵᠢᠬᠦ | ᠡᠲᠡᠭᠡᠳ ᠪᠠᠭᠲᠠᠨ᠎ᠠ︶ ᠶᠢᠨ 4900 ᠠᠵᠢᠯ ᠣᠯᠵᠤ ᠠᠵᠢᠯ ᠣᠯᠬᠤ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ | ︵ᠲᠠᠪᠤ︶ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ ᠬᠡᠷᠡᠭᠵᠢᠭᠦᠯᠬᠦ ᠲᠥᠰᠦᠯ ᠳᠤ ︽ᠠᠵᠢᠯ | ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠵᠦ᠂ ︽ᠲᠤᠭ᠎ᠠ ᠪᠠᠷᠢᠮᠲᠠ ᠪᠠᠷ ᠤᠶᠤᠨᠴᠢᠯᠠᠬᠤ︾ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ︾ 3 ᠵᠦᠢᠯ ᠤᠨ ᠪᠣᠳᠠᠲᠠᠶ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠪᠠ᠃ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠦᠢᠯᠡᠴᠢᠯᠡᠭᠡᠨ ᠤ ᠵᠦᠢᠯᠡᠰ ᠲᠤ ᠣᠷᠣᠭᠤᠯᠵᠤ᠂ ᠨᠡᠶᠢᠭᠡᠮ ᠤᠨ ᠪᠠᠩᠬᠢ ᠶᠢᠨ ᠨᠢᠭᠡ ᠴᠣᠭᠴᠠᠵᠢᠭᠰᠠᠨ ︽ᠨᠢᠭᠡ ᠮᠦᠴᠡᠳ︾ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠣᠭᠤᠷᠢᠭ ᠤᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠶ︔ ᠨᠢᠭᠡ | ᠴᠣᠭᠴᠠᠵᠢᠭᠤᠯᠤᠭᠰᠠᠨ ︽ᠪᠠᠶᠠᠨᠨᠠᠭᠤᠷ ᠬᠤᠲᠠ ᠶᠢᠨ ᠣᠶᠤᠨᠴᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ︾ ᠢ ᠪᠠᠶᠢᠭᠤᠯᠵᠤ᠂ ︽ᠠᠵᠢᠯ ᠣᠯᠭᠤᠯᠲᠠ ᠶᠢᠨ | ᠲᠤᠰᠠᠯᠠᠮᠵᠢ ᠶᠢᠨ ᠰᠠᠷ᠎ᠠ︾ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠷᠢᠨ ᠬᠡᠷᠡᠭᠯᠡᠬᠦ ᠰᠠᠷ᠎ᠠ︾ ︽ᠵᠠᠰᠠᠭ ᠤᠨ ᠣᠷᠳᠣᠨ ᠰᠤᠷᠭᠠᠭᠤᠯᠢ ᠠᠵᠤ | ᠠᠬᠤᠶᠢᠯᠠᠯ︾ ᠵᠢᠴᠢ ᠣᠷᠣᠨ ᠪᠦᠰᠡ ᠶᠢᠨ ᠴᠢᠳᠠᠪᠤᠷᠢᠲᠠᠨ ᠤ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠠᠵᠢᠯᠲᠠᠨ ᠡᠯᠰᠡᠬᠦ ᠠᠵᠢᠯᠯᠠᠭ᠎ᠠ ᠶᠢ ᠢᠳᠡᠪᠬᠢᠲᠡᠶ ᠵᠣᠬᠢᠶᠠᠨ | ᠪᠠᠶᠢᠭᠤᠯᠤᠨ ᠥᠷᠨᠢᠭᠦᠯᠵᠦ᠂ ︽ᠬᠤᠨ ᠭᠠᠯᠠᠭᠤ ᠪᠤᠴᠠᠵᠤ ᠢᠷᠡᠭᠰᠡᠨ︾ ᠵᠡᠷᠭᠡ ᠡᠭᠦᠯᠡᠨ ᠠᠵᠢᠯᠲᠠᠨ ᠡᠯᠰᠡᠬᠦ ᠠᠵᠢᠯ ᠤᠨ ᠪᠠᠶᠢᠷᠢ ᠶᠢ ᠰᠢᠭᠤᠳ ᠨᠡᠪᠲᠡᠷᠡᠭᠦᠯᠬᠦ ᠨᠠᠷᠠᠲᠤ | ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ︔ ᠬᠦᠷᠢᠶᠡᠯᠡᠩ ᠲᠣᠭᠤᠷᠢᠭ ᠤᠨ ᠬᠠᠪᠰᠤᠷᠤᠨ ᠡᠯᠰᠡᠬᠦ ᠲᠥᠯᠥᠪᠯᠡᠭᠡ ᠶᠢ ᠬᠡᠷᠡᠭᠵᠢᠭᠦᠯᠵᠦ | ᠂ ᠰᠤᠷᠭᠠᠭᠤᠯᠢ ᠠᠴᠠ ᠪᠠᠨ ᠰᠠᠯᠤᠭᠰᠠᠨ 2 ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ᠂ ᠣᠷᠳᠣ ᠬᠤᠭᠤᠴᠠᠭ᠎ᠠ ᠪᠠᠷ ᠠᠵᠢᠯ | ᠠᠯᠳᠠᠭᠰᠠᠳ᠂ ᠠᠵᠢᠯ ᠣᠯᠬᠤ ᠳᠤ ᠬᠦᠴᠢᠷᠲᠡᠶ ᠬᠥᠮᠦᠰ ᠲᠤ ᠠᠮᠵᠢᠯᠲᠠ ᠲᠠᠢ ᠪᠠᠷ ᠠᠵᠢᠯ ᠣᠯᠭᠤᠵᠤ᠂ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠲᠣᠭᠲᠠᠭᠠᠯ | ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ ᠳᠤ ᠬᠤᠲᠠ᠂ ᠬᠤᠰᠢᠭᠤ ᠰᠢᠶᠠᠨ ᠲᠣᠭᠤᠷᠢᠭ ᠪᠠ ᠠᠵᠤ ᠠᠬᠤᠶᠢᠯᠠᠯ ᠳᠤ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠬᠠᠪᠰᠤᠷᠤᠨ | ᠨᠥᠬᠦᠪᠥᠷᠢ ᠣᠯᠭᠤᠨ᠎ᠠ᠃ | ︵ᠵᠢᠷᠭᠤᠭ᠎ᠠ︶ ᠲᠥᠪ ᠭᠤᠣᠯᠴᠢ ᠪᠠᠷ ᠠᠵᠢᠯ ᠣᠯᠭᠤᠬᠤ ᠣᠷᠴᠢᠨ ᠨᠥᠬᠦᠴᠡᠯ ᠢ ᠪᠤᠢ ᠪᠣᠯᠭᠠᠨ᠎ᠠ ᠬᠡᠷᠡᠭᠵᠢᠭᠦᠯᠬᠦ ᠲᠥᠰᠦᠯ ᠳᠤ ︽ᠬᠥᠳᠡᠯᠮᠦᠷᠢᠴᠢᠳ ᠤᠨ ᠠᠵᠢᠯ | ᠤᠯᠬᠤ ᠡᠷᠬᠡ ᠠᠰᠢᠭ ᠢ ᠬᠠᠮᠠᠭᠠᠯᠠᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠬᠦ︾ 2 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ | ᠳᠤᠷᠠᠳᠪᠠ᠃ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ | ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠠᠰᠠᠵᠤ᠂ ᠴᠠᠯᠢᠩ ᠥᠷᠢᠲᠦᠬᠦ ᠪᠠ ᠬᠠᠤᠯᠢ ᠶᠢ | ᠵᠥᠷᠢᠴᠡᠨ ᠬᠥᠮᠦᠨ ᠬᠠᠰᠤᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ︔ | ᠪᠠᠶᠠᠨᠨᠠᠭᠤᠷ ᠬᠤᠳᠠ ᠶᠢᠨ ᠬᠠᠮ ᠵᠠᠭᠤᠴᠢᠯᠠᠭᠤᠷ ᠲᠠᠢ ᠬᠤᠯᠪᠣᠭᠠᠯᠠᠵᠤ᠂ ᠪᠠᠶᠠᠨᠨᠠᠭᠤᠷ ᠲᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠪᠤᠯᠤᠩ ᠲᠠᠢ ᠬᠤᠯᠪᠣᠵᠤ᠂ | ᠲᠦᠷᠦ ᠶᠢᠨ ᠪᠤᠳᠤᠯᠭ᠎ᠠ ᠶᠢ ᠣᠶᠢᠯᠠᠭᠠᠬᠤ ᠬᠡᠮᠵᠢᠶ᠎ᠡ ᠪᠠ ᠳᠡᠮᠵᠢᠬᠦ ᠬᠡᠮᠵᠢᠶ᠎ᠡ ᠶᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ | ᠬᠡᠷᠡᠭᠵᠢᠭᠦᠯᠦᠯᠲᠡ ᠶᠢ ᠠᠬᠢᠭᠤᠯᠬᠤ ᠬᠡᠷᠡᠭᠲᠡᠢ᠃ ᠭᠤᠷᠪᠠᠳᠤᠭᠠᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠵᠢᠯ ᠣᠯᠭᠤᠯᠲᠠ ᠶᠢ ᠠᠬᠢᠭᠤᠯᠬᠤ ᠬᠠᠷᠢᠭᠤᠴᠠᠯᠭ᠎ᠠ ᠶᠢᠨ | ᠨᠠᠷᠢᠨ ᠲᠠᠩᠰᠠ ᠶᠢ ᠪᠠᠶᠢᠭᠤᠯᠬᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠲᠣᠬᠢᠷᠠᠭᠤᠯᠤᠯᠲᠠ᠂ ᠦᠨᠡᠯᠡᠨ ᠵᠢᠱᠢᠯᠲᠡ᠂ ᠤᠬᠠᠭᠤᠯᠭ᠎ᠠ ᠵᠡᠷᠭᠡ ᠠᠵᠢᠯ ᠤᠨ | ᠲᠣᠭᠲᠠᠴᠠ ᠪᠠ ᠵᠢᠷᠤᠮᠵᠢᠭᠰᠠᠨ ᠥᠨᠳᠥᠷ ᠪᠦᠲᠦᠮᠵᠢᠲᠡᠶ ᠬᠡᠷᠡᠭᠯᠡᠯᠲᠡ ᠳᠤ ᠡᠯ᠎ᠡ ᠵᠦᠢᠯ ᠤᠨ ᠠᠵᠢᠯ ᠣᠯᠭᠤᠯᠲᠠ ᠶᠢ ᠠᠬᠢᠭᠤᠯᠬᠤ ᠪᠡᠯᠡ ᠮᠥᠩᠭᠦ ᠶᠢ ᠨᠢᠭᠡᠳᠦᠯᠲᠡᠢ | ᠲᠥᠯᠥᠪᠯᠡᠨ ᠬᠡᠷᠡᠭᠯᠡᠵᠦ᠂ ᠠᠵᠢᠯ ᠣᠯᠭᠤᠯᠲᠠ ᠶᠢᠨ ᠨᠥᠬᠦᠪᠥᠷᠢ ᠶᠢᠨ ᠪᠡᠯᠡ ᠮᠥᠩᠭᠦ ᠶᠢ ᠭᠦᠢᠴᠡᠳ ᠲᠤᠭ᠎ᠠ ᠪᠠᠷ ᠪᠣᠳᠠᠲᠠᠶᠢᠵᠢᠭᠤᠯᠬᠤ ᠶᠢ ᠪᠠᠲᠤᠯᠠᠬᠤ ᠱᠠᠭᠠᠷᠳᠠᠯᠭ᠎ᠠ | ᠳᠤᠷᠠᠳᠪᠠ᠃ | | | | | | |