ᠸᠢᠶᠧ᠊ᠲ᠋ᠨᠠᠮ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠦ᠋ ᠯᠢᠨ᠂ ᠪᠥᠬᠦᠳᠡ ᠨᠠᠶᠢᠷᠠᠮᠳᠠᠬᠤ ᠨᠡᠶᠢᠭᠡᠮ ᠵᠢᠷᠤᠮᠲᠤ ᠸᠢᠶᠧ᠊ᠲ᠋ᠨᠠᠮ | ᠤᠯᠤᠰ ᠤᠨ ᠲᠡᠷᠢᠭᠦᠯᠡᠭᠴᠢ ᠯᠢᠶᠠᠩ ᠴᠢᠶᠠᠩ ᠤᠨ ᠤᠷᠢᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ 4 ᠳ᠋ᠦ᠋ᠭᠡᠷ ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ ᠸᠢᠶᠧ᠊ᠲ᠋ᠨᠠᠮ ᠳᠤ ᠲᠥᠷᠥ ᠶᠢᠨ ᠶᠠᠪᠤᠳᠠᠯ ᠤᠨ | ᠠᠶᠢᠯᠴᠢᠯᠠᠯᠲᠠ ᠬᠢᠬᠦ ᠪᠣᠯᠣᠨ᠎ᠠ᠃ ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ᠂ ᠺᠠᠮᠪᠤᠵᠠ ᠶᠢᠨ ᠤᠯᠤᠰ ᠤᠨ ᠸᠠᠩ ᠰᠢᠬᠠᠮᠣᠨᠢ ᠶᠢᠨ ᠤᠷᠢᠯᠭ᠎ᠠ ᠪᠠᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ 4 ᠳ᠋ᠦ᠋ᠭᠡᠷ ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ ᠮᠠᠯᠠᠶᠢᠰᠢᠶ᠎ᠠ᠂ ᠺᠠᠮᠪᠤᠵᠠ ᠳᠤ ᠲᠥᠷᠥ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠪᠣᠯᠣᠨ᠎ᠠ᠃ | ᠭᠢᠯᠠᠰ ᠴᠡᠭ 1᠄ ᠡᠨᠡ ᠵᠢᠯ ᠤᠨ ᠠᠩᠬᠠᠳᠠᠭᠴᠢ ᠠᠶᠢᠯᠴᠢᠯᠠᠯᠲᠠ ᠪᠠᠨ ᠬᠥᠷᠰᠢ ᠵᠡᠷᠭᠡᠯᠡᠳᠡᠭᠡ ᠶᠢᠨ ᠤᠯᠤᠰ ᠤᠳ ᠠᠴᠠ ᠡᠬᠢᠯᠡᠭᠦᠯᠪᠡ | ᠡᠨᠡ ᠬᠦ ᠤᠳᠠᠭᠠᠨ ᠤ ᠠᠶᠢᠯᠴᠢᠯᠠᠯᠲᠠ ᠪᠣᠯ ᠲᠡᠷᠢᠭᠦᠯᠡᠭᠴᠢ ᠰᠢ ᠶᠢᠨ ᠫᠢᠩ ᠤᠨ ᠥᠨᠥ ᠵᠢᠯ ᠤᠨ ᠠᠩᠬᠠᠳᠠᠭᠴᠢ ᠠᠶᠢᠯᠴᠢᠯᠠᠯᠲᠠ ᠪᠣᠯᠣᠨ᠎ᠠ᠂ ᠲᠣᠰ | ᠠᠶᠢᠯᠴᠢᠯᠠᠯᠲᠠ ᠨᠢ ᠳᠤᠮᠳᠠᠳᠤ ᠤᠯᠤᠰ ᠪᠠ ᠸᠢᠶᠧ᠊ᠲ᠋ᠨᠠᠮ ᠂ ᠮᠠᠯᠠᠶᠢᠰᠢᠶ᠎ᠠ᠂ ᠺᠠᠮᠪᠤᠵᠠ ᠵᠢᠴᠢ ᠳᠤᠮᠳᠠᠳᠤ ᠤᠯᠤᠰ ᠪᠠ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ | ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠬᠢ ᠨᠡᠮᠡᠷᠢᠯᠡᠬᠦ ᠪᠣᠯᠣᠨ᠎ᠠ᠃ | ᠭᠢᠯᠠᠰ ᠴᠡᠭ 2᠄ ᠳᠤᠮᠳᠠᠳᠤ ᠸᠢᠶᠧ᠊ᠲ᠋ᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠳᠠᠭᠰᠠᠨ 75 ᠵᠢᠯ ᠤᠨ ᠣᠶ ᠳᠤ ᠳᠣᠬᠢᠶᠠᠵᠤ᠂ ᠤᠷᠢᠳᠤᠬᠢ ᠶᠢ | ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠪᠣᠯᠣᠨ᠎ᠠ | ᠡᠨᠡ ᠪᠣᠯ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠶᠢᠨ | ᠬᠤᠪᠢ ᠪᠠᠷ ᠸᠢᠶᠧ᠊ᠲ᠋ᠨᠠᠮ ᠳᠤ ᠳᠥᠷᠪᠡᠳᠡᠬᠢ ᠤᠳᠠᠭ᠎ᠠ ᠪᠠᠨ ᠠᠶᠢᠯᠴᠢᠯᠠᠵᠤ ᠪᠠᠶᠢᠨ᠎ᠠ᠃ | ᠶᠡᠷᠦᠩᠬᠡᠢ ᠱᠦᠵᠢ ᠰᠢ ᠶᠢᠨ ᠫᠢᠩ ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠵᠦ᠂ ᠸᠢᠶᠧ᠊ᠲ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ᠂ | ᠶᠡᠷᠦᠩᠬᠡᠢ ᠰᠠᠶᠢᠳ ᠹᠠᠨ ᠮᠢᠩ ᠵᠧᠩ᠂ ᠤᠯᠤᠰ ᠤᠨ ᠬᠤᠷᠠᠯ ᠤᠨ ᠲᠡᠷᠢᠭᠦᠯᠡᠭᠴᠢ ᠴᠧᠨ ᠴᠢᠩ ᠮᠢᠨ ᠲᠠᠢ ᠠᠭᠤᠯᠵᠠᠨ᠎ᠠ᠃ | ᠭᠢᠯᠠᠰ ᠴᠡᠭ 3᠄ 12 ᠵᠢᠯ ᠠᠯᠤᠰᠯᠠᠭᠠᠳ ᠮᠠᠯᠠᠶᠢᠰᠢᠶ᠎ᠠ ᠳᠤ ᠳᠠᠬᠢᠨᠲᠠ ᠠᠶᠢᠯᠴᠢᠯᠠᠯᠲᠠ ᠬᠢᠬᠦ ᠨᠢ ᠴᠢᠬᠤᠯᠠ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ | ᠶᠤᠮ | ᠲᠡᠷᠢᠭᠦᠯᠡᠭᠴᠢ ᠰᠢ ᠶᠢᠨ ᠫᠢᠩ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠲᠠᠢ ᠠᠭᠤᠯᠵᠠᠵᠤ᠂ ᠶᠡᠷᠦᠩᠬᠡᠢ ᠰᠠᠶᠢᠳ ᠠᠨᠸᠠᠷ ᠲᠠᠢ ᠬᠡᠯᠡᠯᠴᠡᠭᠡ ᠬᠢᠬᠦ ᠪᠣᠯᠣᠨ᠎ᠠ᠃ | ᠲᠤᠰ ᠤᠳᠠᠭᠠᠨ ᠤ ᠠᠶᠢᠯᠴᠢᠯᠠᠯᠲᠠ ᠪᠣᠯ ᠲᠡᠷᠢᠭᠦᠯᠡᠭᠴᠢ ᠰᠢ ᠶᠢᠨ ᠫᠢᠩ ᠤᠨ 12 ᠵᠢᠯ ᠤᠨ ᠳᠠᠷᠠᠭᠠᠬᠢ ᠠᠶᠢᠯᠴᠢᠯᠠᠯᠲᠠ ᠪᠠᠶᠢᠵᠤ᠂ ᠳᠤᠮᠳᠠᠳᠤ ᠮᠠᠯᠠᠶᠢᠰᠢᠶ᠎ᠠ ᠶᠢᠨ | ᠬᠠᠷᠢᠯᠴᠠᠭ᠎ᠠ ᠶᠢ ᠰᠠᠶᠢᠵᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠳᠤ ᠴᠢᠬᠤᠯᠠ ᠬᠥᠰᠢᠶ᠎ᠡ ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ | ᠭᠢᠯᠠᠰ ᠴᠡᠭ 4᠄ 9 ᠵᠢᠯ ᠤᠨ ᠲᠠᠷᠠᠭ᠎ᠠ ᠳᠠᠬᠢᠨᠲᠠ ᠠᠶᠢᠯᠴᠢᠯᠠᠯᠲᠠ ᠬᠢᠬᠦ ᠨᠢ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠳᠤ ᠰᠢᠨ᠎ᠡ | ᠴᠠᠭ ᠦᠶ᠎ᠡ ᠶᠢᠨ ᠠᠭᠤᠯᠤᠭᠳᠠᠬᠤᠨ ᠨᠡᠮᠡᠷᠢᠯᠡᠬᠦ ᠪᠣᠯᠣᠨ᠎ᠠ | ᠡᠨᠡ ᠬᠦ ᠤᠳᠠᠭᠠᠨ ᠤ ᠠᠶᠢᠯᠴᠢᠯᠠᠯᠲᠠ ᠪᠣᠯ ᠲᠡᠷᠢᠭᠦᠯᠡᠭᠴᠢ ᠰᠢ ᠶᠢᠨ ᠫᠢᠩ ᠤᠨ 9 ᠵᠢᠯ ᠤᠨ ᠳᠠᠷᠠᠭ᠎ᠠ ᠺᠠᠮᠪᠤᠵᠠ ᠳᠤ ᠳᠠᠬᠢᠨᠲᠠ ᠠᠶᠢᠯᠴᠢᠯᠠᠬᠤ ᠠᠶᠢᠯᠴᠢᠯᠠᠯᠲᠠ | ᠪᠣᠯᠣᠨ᠎ᠠ᠂ ᠲᠡᠷᠢᠭᠦᠯᠡᠭᠴᠢ ᠰᠢ ᠶᠢᠨ ᠫᠢᠩ ᠺᠠᠮᠪᠤᠵᠠ ᠤᠯᠤᠰ ᠤᠨ ᠤᠯᠤᠰ ᠤᠨ ᠸᠠᠩ ᠰᠢᠬᠠᠮᠣᠨᠢ ᠬᠢᠭᠡᠳ ᠲᠠᠶᠢᠬᠡᠦ ᠮᠥᠨᠢᠯᠧ ᠲᠠᠢ ᠲᠤᠰ ᠲᠤᠰ ᠠᠭᠤᠯᠵᠠᠵᠤ᠂ | ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯᠭᠡᠨ ᠤ ᠲᠡᠷᠢᠭᠦᠯᠡᠭᠴᠢ ᠬᠤᠩᠰᠧᠨ ᠴᠢᠨ ᠸᠠᠩ ᠲᠠᠢ ᠠᠭᠤᠯᠵᠠᠵᠤ᠂ ᠲᠡᠷᠢᠭᠦᠨ ᠰᠠᠶᠢᠳ ᠬᠤᠩᠮᠠᠨᠠᠢ ᠲᠠᠢ | ᠬᠡᠯᠡᠯᠴᠡᠭᠡ ᠬᠢᠬᠦ ᠪᠣᠯᠣᠨ᠎ᠠ᠃ | | | |