ᠦᠪᠦᠷ ᠮᠣᠩᠭᠤᠯ ᠲᠣᠭᠲᠠᠮᠠᠯ ᠴᠡᠭ ᠤᠨ ᠡᠮ ᠤᠨ ᠳᠡᠯᠭᠡᠭᠦᠷ ᠠᠴᠠ ᠡᠮ ᠡᠮᠨᠡᠯᠭᠡ ᠶᠢᠨ ᠳᠠᠭᠠᠳᠬᠠᠯ ᠢᠶᠠᠷ ᠡᠮ ᠲᠠᠩ ᠬᠤᠳᠠᠯᠳᠣᠨ ᠠᠪᠬᠤ ᠳᠤ ︽ᠺᠤᠳ᠋ ᠶᠣᠰᠣᠭᠠᠷ ᠲᠣᠭᠠᠴᠠᠭ᠎ᠠ ᠬᠢᠬᠦ︾ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2025/4/15
    ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠦᠪᠦᠷ ᠮᠣᠩᠭᠤᠯ ᠤᠨ ᠪᠣᠢ ᠪᠦᠬᠦᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠡᠮ ᠡᠮᠨᠡᠯᠭᠡ ᠶᠢᠨ ᠳᠠᠭᠠᠳᠬᠠᠯ ᠳᠠᠬᠢ ᠡᠮ ᠲᠠᠩ ᠳᠤ ︽ᠮᠦᠷᠲᠡᠯᠲᠡ ᠶᠢᠨ ᠺᠤᠳ᠋ ︾ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃    ᠣᠶᠢᠯᠠᠭᠠᠭᠰᠠᠨ ᠢᠶᠠᠷ᠂ ᠡᠮ ᠲᠠᠩ ᠤᠨ ᠮᠦᠷᠲᠡᠯᠲᠡ ᠶᠢᠨ ᠺᠤᠳ᠋ ᠨᠢ ᠡᠮ ᠲᠠᠩ ᠤᠨ ︽ ᠡᠯᠧᠺᠲᠷᠤᠨ ᠪᠡᠶ᠎ᠡ ᠶᠢᠨ ᠦᠨᠡᠮᠯᠡᠯ︾ ᠲᠠᠢ ᠲᠡᠩᠴᠡᠨ᠎ᠡ᠃ ︽ᠨᠢᠭᠡ ᠡᠮ  ᠳᠤ ᠨᠢᠭᠡ ᠺᠤᠳ᠋︾ ᠲᠠᠢ᠂ ᠡᠭᠦᠨ ᠢᠶᠠᠷ ᠡᠮ ᠡᠮᠨᠡᠯᠭᠡ ᠶᠢᠨ ᠳᠠᠭᠠᠳᠬᠠᠯ ᠳᠤ ᠣᠷᠤᠭᠰᠠᠨ ᠡᠮ ᠲᠠᠩ ᠤᠨ ᠢᠷᠡᠯᠲᠡ ᠶᠢ ᠪᠠᠶᠢᠴᠠᠭᠠᠵᠤ ᠪᠣᠯᠳᠠᠭ᠃ ᠳᠠᠭᠠᠳᠬᠠᠯ ᠳᠤ ᠣᠷᠤᠯᠴᠠᠭᠰᠠᠳ ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠲᠠᠩ ᠬᠤᠳᠠᠯᠳᠤᠨ ᠠᠪᠬᠤ ᠳᠤ᠂ ᠡᠮ ᠤᠨ ᠳᠡᠯᠭᠡᠭᠦᠷ  ᠤᠨ ᠬᠢᠨ ᠡᠷᠬᠡᠪᠰᠢ ᠡᠮ ᠲᠠᠩ ᠤᠨ ᠮᠦᠷᠲᠡᠯᠲᠡ ᠶᠢᠨ ᠺᠤᠳ᠋ ᠢ ᠰᠢᠷᠪᠢᠬᠦ ᠬᠡᠷᠡᠭᠲᠡᠢ᠃ ᠮᠦᠷᠲᠡᠯᠲᠡ ᠶᠢᠨ ᠺᠤᠳ᠋ ᠢ ᠰᠢᠷᠪᠢᠭᠰᠡᠨ ᠦᠭᠡᠢ ᠡᠮ ᠲᠠᠩ ᠢ ᠡᠮ ᠡᠮᠨᠡᠯᠭᠡ ᠶᠢᠨ ᠳᠠᠭᠠᠳᠬᠠᠯ ᠢᠶᠠᠷ ᠲᠠᠰᠤᠯᠤᠨ ᠪᠣᠳᠣᠵᠣ ᠲᠡᠶᠢᠯᠬᠦ ᠦᠭᠡᠢ ᠶᠤᠮ᠃    ᠣᠳᠣᠬᠠᠨ ᠳᠤ ᠂ ᠦᠪᠦᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠡᠮ ᠲᠠᠩ ᠤᠨ ᠮᠦᠷᠲᠡᠯᠲᠡ ᠶᠢᠨ ᠺᠤᠳ᠋ ᠤᠨ ᠰᠢᠰᠲ᠋ᠧᠮ ᠨᠢ ᠨᠢᠭᠡᠨᠲᠡ 15 ᠨᠢᠭᠡᠳᠦᠯᠲᠡᠢ ᠲᠦᠯᠦᠪᠯᠡᠬᠦ ᠣᠷᠤᠨ ᠢ ᠬᠠᠮᠤᠷᠴᠦ᠂ 7315 ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ᠂ 15890 ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ  ᠢ ᠬᠠᠮᠤᠷᠴᠠᠢ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠷᠠᠳᠢᠤ᠋ ᠨᠡᠪᠲᠡᠷᠡᠬᠦᠯᠭᠡ ᠰᠦᠯᠵᠢᠶ᠎ᠡ