ᠣᠯᠠᠨ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠦᠪᠦᠷ ᠮᠣᠩᠭᠤᠯ ᠤᠨ ᠪᠣᠢ ᠪᠦᠬᠦᠢ ᠡᠮ ᠡᠮᠨᠡᠯᠭᠡ ᠶᠢᠨ ᠳᠠᠭᠠᠳᠬᠠᠯ ᠤᠨ | ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠡᠮ ᠡᠮᠨᠡᠯᠭᠡ ᠶᠢᠨ ᠳᠠᠭᠠᠳᠬᠠᠯ ᠳᠠᠬᠢ ᠡᠮ ᠲᠠᠩ ᠳᠤ ︽ᠮᠦᠷᠲᠡᠯᠲᠡ ᠶᠢᠨ ᠺᠤᠳ᠋︾ ᠤᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃ | ᠣᠶᠢᠯᠠᠭᠠᠭᠰᠠᠨ ᠢᠶᠠᠷ᠂ ᠡᠮ ᠲᠠᠩ ᠤᠨ ᠮᠦᠷᠲᠡᠯᠲᠡ ᠶᠢᠨ ᠺᠤᠳ᠋ ᠨᠢ ᠡᠮ ᠲᠠᠩ ᠤᠨ ︽ ᠡᠯᠧᠺᠲᠷᠤᠨ ᠪᠡᠶ᠎ᠡ ᠶᠢᠨ ᠦᠨᠡᠮᠯᠡᠯ︾ ᠲᠠᠢ ᠲᠡᠩᠴᠡᠨ᠎ᠡ᠃ ︽ᠨᠢᠭᠡ ᠡᠮ | ᠳᠤ ᠨᠢᠭᠡ ᠺᠤᠳ᠋︾ ᠲᠠᠢ᠂ ᠡᠭᠦᠨ ᠢᠶᠠᠷ ᠡᠮ ᠡᠮᠨᠡᠯᠭᠡ ᠶᠢᠨ ᠳᠠᠭᠠᠳᠬᠠᠯ ᠳᠤ ᠣᠷᠤᠭᠰᠠᠨ ᠡᠮ ᠲᠠᠩ ᠤᠨ ᠢᠷᠡᠯᠲᠡ ᠶᠢ ᠪᠠᠶᠢᠴᠠᠭᠠᠵᠤ ᠪᠣᠯᠳᠠᠭ᠃ ᠳᠠᠭᠠᠳᠬᠠᠯ ᠳᠤ | ᠣᠷᠤᠯᠴᠠᠭᠰᠠᠳ ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠲᠠᠩ ᠬᠤᠳᠠᠯᠳᠤᠨ ᠠᠪᠬᠤ ᠳᠤ᠂ ᠡᠮ ᠤᠨ ᠳᠡᠯᠭᠡᠭᠦᠷ ᠤᠨ ᠬᠢᠨ | ᠡᠷᠬᠡᠪᠰᠢ ᠡᠮ ᠲᠠᠩ ᠤᠨ ᠮᠦᠷᠲᠡᠯᠲᠡ ᠶᠢᠨ ᠺᠤᠳ᠋ ᠢ ᠰᠢᠷᠪᠢᠬᠦ ᠬᠡᠷᠡᠭᠲᠡᠢ᠃ ᠮᠦᠷᠲᠡᠯᠲᠡ ᠶᠢᠨ ᠺᠤᠳ᠋ ᠢ ᠰᠢᠷᠪᠢᠭᠰᠡᠨ ᠦᠭᠡᠢ ᠡᠮ ᠲᠠᠩ ᠢ ᠡᠮ ᠡᠮᠨᠡᠯᠭᠡ ᠶᠢᠨ | ᠳᠠᠭᠠᠳᠬᠠᠯ ᠢᠶᠠᠷ ᠲᠠᠰᠤᠯᠤᠨ ᠪᠣᠳᠣᠵᠣ ᠲᠡᠶᠢᠯᠬᠦ ᠦᠭᠡᠢ ᠶᠤᠮ᠃ | ᠣᠳᠣᠬᠠᠨ ᠳᠤ᠂ ᠦᠪᠦᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠡᠮ ᠲᠠᠩ ᠤᠨ ᠮᠦᠷᠲᠡᠯᠲᠡ ᠶᠢᠨ ᠺᠤᠳ᠋ ᠤᠨ ᠰᠢᠰᠲ᠋ᠧᠮ ᠨᠢ ᠨᠢᠭᠡᠨᠲᠡ 15 | ᠨᠢᠭᠡᠳᠦᠯᠲᠡᠢ ᠲᠦᠯᠦᠪᠯᠡᠬᠦ ᠣᠷᠤᠨ ᠢ ᠬᠠᠮᠤᠷᠴᠦ᠂ 7315 ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ᠂ 15890 ᠲᠣᠭᠲᠠᠮᠠᠯ ᠴᠡᠭ ᠤᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠢ ᠬᠠᠮᠤᠷᠴᠠᠢ᠃ |