ᠮᠠᠨ ᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ 85.0% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2025/4/15
      ᠣᠶᠢᠷ᠎ᠠ ᠳᠤ ᠶᠠᠪᠤᠭᠳᠠᠭᠤᠯᠤᠭᠰᠠᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ ᠣᠶᠢᠷ᠎ᠠ ᠶᠢᠨ ᠵᠢᠯ ᠳᠤ᠂ ᠮᠠᠨ ᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨ᠎ᠡ ᠪᠠᠷ ᠬᠦᠭᠵᠢᠭᠰᠡᠨ ᠠᠵᠤ ᠦᠢᠯᠡᠰ ᠦᠷᠨᠢᠩᠭᠦᠢ ᠬᠦᠭᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ  ᠲᠦᠷᠦᠯ ᠤᠨ ᠠᠵᠤ ᠠᠬᠤᠶᠢᠯᠠᠯ ᠤᠨ ᠬᠡᠪᠴᠢᠶ᠎ᠡ ᠲᠠᠰᠤᠷᠠᠯᠲᠠ ᠦᠭᠡᠢ ᠦᠷᠭᠡᠳᠴᠦ᠂ ᠡᠵᠡᠩᠨᠡᠯᠲᠡ  ᠶᠢᠨ ᠣᠷᠤᠯᠭ᠎ᠠ ᠳᠠᠬᠢᠨ ᠢᠶᠠᠷ ᠨᠡᠮᠡᠭᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ  ᠴᠢᠳᠠᠪᠤᠷᠢ ᠦᠷᠭᠦᠯᠵᠢᠯᠡᠨ ᠳᠡᠭᠡᠭᠰᠢᠯᠡᠭᠰᠡᠨ ᠪᠠᠶᠢᠨ᠎ᠠ᠃ 2023 ᠤᠨ ᠤ ᠡᠴᠦᠰ ᠲᠤ᠂ ᠪᠦᠬᠦ ᠤᠷᠤᠨ ᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠢᠭᠡᠴᠢ 2 ᠲᠦᠮᠡ ᠪᠠᠶᠢᠵᠤ᠂ 2018 ᠤᠨ ᠤ ᠡᠴᠦᠰ ᠤᠨ ᠬᠢ ᠠᠴᠠ 85.0% ᠪᠠᠷ ᠨᠡᠮᠡᠭᠳᠡᠪᠡ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠷᠠᠳᠢᠤ᠋ ᠨᠡᠪᠲᠡᠷᠡᠬᠦᠯᠭᠡ ᠰᠦᠯᠵᠢᠶ᠎ᠡ