ᠴᠠᠬᠢᠯᠭᠠᠨ ᠬᠡᠷᠡᠭᠰᠡᠯ᠂ ᠲᠣᠭᠠᠴᠢᠯᠠᠭᠰᠠᠨ ᠦᠢᠯᠡᠳᠭᠦᠨ ᠤ ᠬᠠᠭᠤᠴᠢᠨ ᠢᠶᠠᠷ ᠰᠢᠨ᠎ᠡ ᠶᠢ ᠰᠣᠯᠢᠭᠰᠠᠨ ᠬᠡᠮᠵᠢᠶ᠎ᠡ 100 ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2025/4/16
     ᠡᠨᠡ ᠵᠢᠯ ᠠᠴᠠ ᠨᠠᠭᠠᠰᠢ᠂ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠦᠬᠦᠪᠦᠷᠢᠯᠡᠵᠦ᠂ 3 C ᠲᠣᠭᠠᠴᠢᠯᠠᠭᠰᠠᠨ ᠦᠢᠯᠡᠳᠭᠦᠨ ᠬᠤᠳᠠᠯᠳᠤᠨ ᠠᠪᠬᠤ ᠶᠢ ᠳᠡᠮᠵᠢᠬᠦ ᠲᠦᠷᠦ ᠶᠢᠨ ᠪᠣᠳᠤᠯᠭ᠎ᠠ ᠶᠢᠨ ᠳᠠᠶᠢᠴᠢᠯᠠᠯᠲᠠ ᠳᠣᠣᠷ᠎ᠠ᠂ ᠮᠠᠨ ᠤ ᠣᠷᠤᠨ ᠤ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠬᠡᠷᠡᠭᠯᠡᠭᠡ ᠬᠦᠭᠵᠢᠶᠡᠨᠲᠡᠢ ᠪᠣᠯᠵᠣ᠂ ᠠᠷᠠᠯᠵᠢᠶᠠᠨ ᠤ ᠬᠡᠮᠵᠢᠶ᠎ᠡ ᠨᠡᠶᠢᠲᠡ 29.27 ᠳ᠋ᠦᠩᠰᠢᠭᠤᠷ ᠲᠦᠭᠦᠷᠢᠭ ᠲᠤ ᠬᠦᠷᠴᠦ᠂ 102.78 ᠲᠦᠮᠡᠨ ᠰᠠᠤᠷᠢ ᠪᠣᠷᠤᠯᠠᠭᠤᠯᠭ᠎ᠠ ᠶᠢ ᠳᠠᠶᠢᠴᠢᠯᠠᠭᠰᠠᠨ ᠪᠠᠶᠢᠨ᠎ᠠ᠃ ᠣᠷᠤᠨ ᠪᠦᠰᠡ ᠶᠢᠨ ᠬᠡᠷᠡᠭᠯᠡᠭᠡ ᠶᠢᠨ ᠪᠠᠶᠢᠳᠠᠯ ᠠᠴᠠ ᠵᠠᠳᠠᠯᠪᠠᠯ᠂  ᠬᠦᠬᠡᠬᠤᠳᠠ᠂ ᠪᠣᠭᠤᠳᠤ᠂ ᠤᠯᠠᠭᠠᠨᠬᠠᠳᠠ ᠬᠤᠳᠠ ᠶᠢᠨ ᠬᠡᠷᠡᠭᠯᠡᠭᠡ ᠶᠢᠨ ᠳᠠᠶᠢᠴᠢᠯᠠᠯᠲᠠ ᠢᠯᠡᠷᠬᠡᠢ ᠪᠠᠶᠢᠵᠤ᠂  ᠨᠡᠶᠢᠲᠡ 15.47 ᠳ᠋ᠦᠩᠰᠢᠭᠤᠷ ᠲᠦᠭᠦᠷᠢᠭ  ᠤᠨ ᠬᠡᠷᠡᠭᠯᠡᠭᠡ ᠶᠢ ᠳᠠᠶᠢᠴᠢᠯᠠᠵᠤ᠂ ᠪᠦᠬᠦ ᠤᠷᠤᠨ ᠤ 52.9%  ᠶᠢ ᠡᠵᠡᠯᠡᠪᠡ᠃
ᠢᠷᠡᠯᠲᠡ᠄ ᠦᠪᠦᠷ ᠮᠤᠩᠭᠤᠯ ᠤᠨ ᠮᠤᠩᠭᠤᠯ ᠷᠠᠳᠢᠤ᠋