ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ ᠡᠳᠦᠷ᠂ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧ᠊ᠲ᠋ᠨᠠᠮ ᠳᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠲᠠᠰᠢᠷᠠᠮ ᠢᠶᠠᠷ ᠸᠢᠶᠧ᠊ᠲ᠋ᠨᠠᠮ ᠤᠨ ︽ᠠᠷᠠᠳ ᠤᠨ ᠰᠣᠨᠢᠨ︾ ᠳᠡᠭᠡᠷ᠎ᠡ ︽ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ | ᠤᠷᠤᠭᠰᠢᠯᠠᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠭᠠᠷᠴᠠᠭ ᠲᠠᠢ ᠨᠡᠷ᠎ᠡ | ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ ᠪᠢᠴᠢᠭᠯᠡᠶ᠎ᠡ | ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠠᠪᠤᠷ ᠤᠨ ᠰᠡᠭᠦᠯᠴᠢ ᠪᠣᠯᠵᠤ᠂ ᠠᠯᠢᠪᠠ ᠪᠦᠭᠦᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠳᠤᠮᠳᠠᠳᠤ ᠸᠢᠶᠧ᠊ᠲ᠋ᠨᠠᠮ ᠤᠨ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 75 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ ᠸᠢᠶᠧ᠊ᠲ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ | ᠯᠢᠨ ᠨᠥᠬᠦᠷ ᠪᠣᠯᠣᠨ ᠸᠢᠶᠧ᠊ᠲ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠨᠥᠬᠦᠷ ᠤᠨ ᠤᠷᠢᠯᠭ᠎ᠠ ᠪᠠᠷ ᠪᠢ ᠸᠢᠶᠧ᠊ᠲ᠋ᠨᠠᠮ ᠳᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠠᠶᠢᠨ᠎ᠠ᠃ ᠡᠨᠡ ᠪᠣᠯ ᠮᠢᠨᠤ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠳᠥᠷᠪᠡᠳᠡᠬᠢ ᠤᠳᠠᠭ᠎ᠠ ᠡᠨᠡ ᠬᠦ | ᠦᠵᠡᠰᠬᠦᠯᠡᠩᠲᠦ ᠰᠠᠶᠢᠬᠠᠨ ᠨᠤᠲᠤᠭ ᠳᠡᠪᠢᠰᠬᠡᠷ ᠲᠤ ᠠᠶᠢᠯᠴᠢᠯᠠᠬᠤ ᠶᠠᠪᠤᠳᠠᠯ ᠪᠣᠯᠣᠨ᠎ᠠ᠃ ᠪᠢ ᠸᠢᠶᠧ᠊ᠲ᠋ᠨᠠᠮ ᠤᠨ ᠤᠳᠤᠷᠢᠳᠬᠤ ᠬᠥᠮᠥᠰ ᠲᠠᠢ ᠨᠥᠬᠦᠷᠯᠡᠯ ᠢᠶᠠᠨ | ᠠᠭᠤᠵᠢᠷᠠᠲᠠᠯ᠎ᠠ ᠶᠠᠷᠢᠯᠴᠠᠵᠤ᠂ ᠬᠠᠮᠲᠤᠷᠠᠯᠴᠠᠭ᠎ᠠ ᠪᠠᠨ ᠬᠠᠮᠲᠤ ᠪᠠᠷ ᠵᠥᠪᠳᠡᠯᠴᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠸᠢᠶᠧ᠊ᠲ᠋ᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠵᠢᠷᠤᠭ ᠲᠥᠰᠥᠪ ᠢ ᠵᠢᠷᠤᠭᠯᠠᠬᠤ ᠶᠢ ᠬᠦᠰᠡᠵᠦ ᠪᠠᠶᠢᠨ᠎ᠠ᠃ | ᠳᠤᠮᠳᠠᠳᠤ ᠤᠯᠤᠰ ᠪᠣᠯᠣᠨ ᠸᠢᠶᠧ᠊ᠲ᠋ᠨᠠᠮ ᠪᠣᠯ ᠨᠡᠶᠢᠭᠡᠮ ᠵᠢᠷᠤᠮ ᠤᠨ ᠨᠥᠭᠦᠷᠰᠡᠭ ᠬᠥᠷᠰᠢ ᠤᠯᠤᠰ ᠮᠥᠨ᠂ ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠪᠠ | ᠥᠷᠭᠡᠨ ᠳᠡᠯᠭᠡᠷ ᠪᠠᠶᠢᠯᠳᠤᠬᠤ ᠪᠣᠳᠣᠯᠭ᠎ᠠ ᠶᠢᠨ ᠠᠰᠢᠭ ᠲᠤᠰᠠ ᠲᠠᠢ ᠶᠤᠮ᠃ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ | ᠵᠠᠮ ᠢ ᠰᠦᠪᠡᠭᠴᠢᠯᠡᠬᠦ ᠪᠠ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠬᠤᠶᠠᠷ ᠨᠠᠮ ᠬᠤᠶᠠᠷ ᠤᠯᠤᠰ ᠤᠨ ᠠᠷᠠᠳ | ᠲᠦᠮᠡᠨ ᠤ ᠡᠷᠲᠡ ᠦᠶ᠎ᠡ ᠠᠴᠠ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠲᠠᠰᠤᠷᠠᠯᠲᠠ ᠦᠭᠡᠢ ᠭᠦᠨᠵᠡᠭᠡᠶᠢᠷᠡᠪᠡ᠃ ᠪᠠᠶᠢᠯᠳᠤᠬᠤ ᠪᠣᠳᠣᠯᠭ᠎ᠠ ᠶᠢᠨ ᠠᠴᠢ | ᠬᠤᠯᠪᠣᠭᠳᠠᠯ ᠪᠦᠬᠦᠢ ᠳᠤᠮᠳᠠᠳᠤ ᠸᠢᠶᠧ᠊ᠲ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠬᠤᠶᠠᠷ ᠤᠯᠤᠰ ᠤᠨ ᠬᠠᠮᠲᠤ ᠶᠢᠨ ᠠᠰᠢᠭ | ᠲᠤᠰᠠ ᠲᠠᠢ ᠨᠡᠶᠢᠴᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠳᠤ ᠠᠰᠢᠭᠲᠠᠢ ᠪᠠᠶᠢᠵᠤ᠂ | ᠲᠡᠦᠬᠡ ᠶᠢᠨ ᠰᠣᠩᠭᠤᠯᠲᠠ᠂ ᠠᠷᠠᠳ ᠲᠦᠮᠡᠨ ᠤ ᠰᠣᠩᠭᠤᠯᠲᠠ ᠪᠣᠯᠣᠨ᠎ᠠ᠃ | ᠳᠤᠮᠳᠠᠳᠤ ᠸᠢᠶᠧ᠊ᠲ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠢᠯᠡ ᠲᠣᠳᠣ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠪᠠ᠃ ᠬᠤᠶᠠᠷ | ᠤᠯᠤᠰ ᠤᠨ ᠬᠤᠪᠢᠰᠬᠠᠯ ᠤᠨ ᠤᠷᠢᠳᠤᠰ ᠭᠠᠷ ᠬᠤᠯᠪᠣᠨ ᠤᠯᠤᠰ ᠭᠦᠷᠦᠨ ᠢᠶᠠᠨ ᠮᠥᠬᠦᠯ ᠠᠴᠠ ᠠᠪᠤᠷᠠᠬᠤ ᠵᠠᠮ ᠢ ᠡᠷᠢᠯᠬᠢᠯᠡᠵᠦ᠂ ᠳᠡᠯᠡᠬᠡᠢ ᠳ᠋ᠠᠬᠢᠨ ᠤ ᠺᠣᠯᠣᠨᠢᠴᠢᠯᠠᠬᠤ | ᠦᠵᠡᠯ᠂ ᠡᠵᠡᠷᠬᠡᠭ ᠲᠦᠷᠢᠮᠡᠬᠡᠢ ᠶᠣᠰᠣ ᠶᠢ ᠡᠰᠡᠷᠭᠦᠴᠡᠬᠦ ᠲᠡᠮᠡᠴᠡᠯ ᠤᠨ ᠢᠯᠠᠯᠲᠠ ᠶᠢ ᠣᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠤᠨ | ᠭᠤᠸᠠᠩᠵᠧᠦ ᠳᠠᠬᠢ ᠸᠢᠶᠧ᠊ᠲ᠋ᠨᠠᠮ ᠤᠨ ᠵᠠᠯᠠᠭᠤᠴᠤᠳ ᠤᠨ ᠬᠤᠪᠢᠰᠬᠠᠯᠲᠤ ᠨᠥᠬᠦᠳ ᠤᠨ ᠬᠤᠷᠠᠯ᠂ ᠭᠤᠸᠠᠩᠰᠢ ᠶᠢᠨ ᠵᠢᠩᠰᠢ ᠶᠢᠨ ︽ᠸᠢᠶᠧ᠊ᠲ᠋ᠨᠠᠮ ᠤᠨ | ᠬᠤᠯᠪᠤᠭ᠎ᠠ︾ ᠶᠢᠨ ᠬᠡᠷᠡᠭ ᠡᠷᠭᠢᠯᠡᠭᠦ ᠭᠠᠵᠠᠷ ᠵᠡᠷᠭᠡ ᠬᠤᠪᠢᠰᠬᠠᠯ ᠤᠨ ᠬᠠᠭᠤᠴᠢᠨ ᠪᠠᠭᠤᠷᠢ ᠪᠣᠯ ᠳᠤᠮᠳᠠᠳᠤ ᠸᠢᠶᠧ᠊ᠲ᠋ᠨᠠᠮ ᠤᠨ ᠬᠤᠪᠢᠰᠬᠠᠯ ᠤᠨ ᠨᠥᠬᠦᠷᠯᠡᠯ ᠤᠨ | ᠲᠡᠦᠬᠡ ᠶᠢᠨ ᠭᠡᠷᠡᠴᠢ ᠪᠣᠯᠣᠨ᠎ᠠ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠤ ᠦᠶ᠎ᠡ ᠳᠤ ᠲᠡᠷᠢᠭᠦᠯᠡᠭᠴᠢ ᠬᠤ᠋ ᡁᠢ ᠮᠢᠩ ᠤᠷᠢᠳ | ᠬᠤᠵᠢᠳ ᠶᠠᠨ ᠠᠨ᠂ ᠭᠦᠢᠯᠢᠨ᠂ ᠴᠦᠩᠴᠢᠩ᠂ ᠺᠦᠨᠮᠢᠩ ᠵᠡᠷᠭᠡ ᠭᠠᠵᠠᠷ ᠲᠤ ᠳᠤᠮᠳᠠᠳᠤ ᠤᠯᠤᠰ ᠤᠨ ᠶᠠᠫᠤᠨ ᠢ ᠡᠰᠡᠷᠭᠦᠴᠡᠬᠦ ᠳᠠᠶᠢᠨ ᠳᠤ ᠣᠷᠣᠯᠴᠠᠵᠤ ᠳᠡᠮᠵᠢᠭᠰᠡᠨ | ᠪᠠᠶᠢᠨ᠎ᠠ᠃ ᠳᠤᠮᠳᠠᠳᠤ ᠤᠯᠤᠰ ᠴᠡᠷᠢᠭ ᠤᠨ ᠶᠠᠪᠤᠳᠠᠯ ᠤᠨ ᠵᠥᠪᠯᠡᠭᠴᠢ ᠶᠢᠨ ᠪᠦᠯᠭᠦᠮ ᠪᠣᠯᠣᠨ ᠤᠯᠤᠰ ᠲᠦᠷᠦ ᠶᠢᠨ ᠵᠥᠪᠯᠡᠭᠴᠢ ᠶᠢᠨ ᠪᠦᠯᠭᠦᠮ ᠲᠣᠮᠢᠯᠠᠵᠤ | ᠸᠢᠶᠧ᠊ᠲ᠋ᠨᠠᠮ ᠤᠨ ᠠᠷᠠᠳ ᠲᠦᠮᠡᠨ ᠤ ᠹᠷᠠᠨᠼᠢ ᠶᠢ ᠡᠰᠡᠷᠭᠦᠴᠡᠬᠦ ᠲᠡᠮᠡᠴᠡᠯ ᠢ ᠳᠡᠮᠵᠢᠵᠦ᠂ ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ ᠪᠣᠯᠣᠨ ᠠᠷᠠᠳ | ᠲᠦᠮᠡᠨ ᠸᠢᠶᠧ᠊ᠲ᠋ᠨᠠᠮ ᠤᠨ ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ ᠰᠢᠳᠤᠷᠭᠤ ᠶᠣᠰᠣᠨ ᠤ ᠦᠢᠯᠡᠰ ᠢ ᠪᠦᠭᠦ ᠬᠦᠴᠦ ᠪᠠᠷ ᠢᠶᠠᠨ ᠳᠡᠮᠵᠢᠪᠡ᠃ ︽ | ᠸᠢᠶᠧ᠊ᠲ᠋ᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ ᠪᠥᠭᠡᠳ ᠠᠬ᠎ᠠ ᠳᠡᠭᠦᠦ︾ ᠨᠢ ᠥᠨᠢᠳᠡ ᠪᠠᠯᠠᠷᠠᠰᠢ ᠦᠭᠡᠢ ᠬᠤᠪᠢᠰᠬᠠᠯ ᠤᠨ ᠳᠤᠷᠠᠰᠤᠮᠵᠢ | ᠪᠣᠯᠪᠠ᠃ | ᠳᠤᠮᠳᠠᠳᠤ ᠸᠢᠶᠧ᠊ᠲ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ ᠤᠯᠤᠰ ᠲᠦᠷᠦ ᠶᠢᠨ ᠢᠲᠡᠭᠡᠯᠴᠡᠭᠡ ᠠᠴᠠ ᠡᠭᠦᠰᠦᠯ ᠲᠠᠢ᠃ | ᠣᠶᠢᠷ᠎ᠠ ᠶᠢᠨ ᠵᠢᠯ ᠤᠨ ᠲᠤᠷᠰᠢ ᠪᠢ ᠷᠤᠸᠠᠨ ᠹᠦ᠋ ᠵᠦᠩ ᠶᠡᠷᠦᠩᠬᠡᠢ ᠱᠦᠵᠢ᠂ ᠰᠦ᠋ ᠯᠢᠨ ᠶᠡᠷᠦᠩᠬᠡᠢ ᠱᠦᠵᠢ ᠵᠡᠷᠭᠡ ᠸᠢᠶᠧ᠊ᠲ᠋ᠨᠠᠮ ᠤᠨ ᠤᠳᠤᠷᠢᠳᠬᠤ ᠬᠥᠮᠥᠰ ᠲᠠᠢ | ᠤᠯᠠᠨ ᠤᠳᠠᠭ᠎ᠠ ᠬᠠᠷᠢᠯᠴᠠᠨ ᠠᠶᠢᠯᠴᠢᠯᠠᠵᠤ᠂ ᠳᠤᠮᠳᠠᠳᠤ ᠸᠢᠶᠧ᠊ᠲ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠴᠢᠭᠯᠡᠯ ᠢ | ᠲᠣᠭᠲᠠᠭᠠᠨ ᠵᠠᠯᠠᠭᠤᠷ ᠢ ᠡᠵᠡᠮᠳᠡᠵᠦ ᠥᠭᠴᠡᠢ᠃ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠬᠠᠷᠢᠯᠴᠠᠨ ᠨᠢᠭᠲᠠ ᠬᠥᠳᠡᠯᠦᠯᠴᠡᠵᠦ᠂ ᠳᠤᠮᠳᠠᠳᠤ | ᠸᠢᠶᠧ᠊ᠲ᠋ᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠢᠯᠤᠭᠤᠳᠬᠤ ᠵᠥᠪᠯᠡᠯ᠂ ᠬᠤᠶᠠᠷ ᠨᠠᠮ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ᠂ ᠬᠢᠯᠢ ᠶᠢᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠨᠥᠭᠦᠷᠰᠡᠭ ᠰᠣᠯᠢᠯᠴᠠᠭ᠎ᠠ᠂ ᠬᠤᠶᠠᠷ ᠤᠯᠤᠰ ᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠬᠠᠮᠲᠤᠷᠠᠯᠴᠠᠵᠤ ᠶᠠᠯᠠᠲᠤ | ᠠᠵᠢᠯᠯᠠᠭ᠎ᠠ ᠳᠤ ᠴᠣᠬᠢᠯᠲᠠ ᠥᠭᠬᠦ ᠬᠤᠷᠠᠯ ᠵᠡᠷᠭᠡ ᠲᠣᠭᠲᠠᠴᠠ ᠪᠦᠲᠦᠮᠵᠢᠲᠡᠢ ᠠᠵᠢᠯᠯᠠᠵᠤ᠂ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠶᠢᠨ | ᠬᠤᠯᠪᠣᠭᠠᠲᠤ ᠵᠥᠪᠯᠡᠯ ᠵᠡᠷᠭᠡ ᠳᠡᠭᠡᠳᠦ ᠲᠡᠰ ᠤᠨ ᠲᠣᠭᠲᠠᠴᠠ ᠪᠠᠶᠢᠭᠤᠯᠤᠭᠳᠠᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ | ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ︽3 + 3︾ ᠪᠠᠶᠢᠯᠳᠤᠬᠤ ᠪᠣᠳᠣᠯᠭ᠎ᠠ ᠶᠢᠨ ᠶᠠᠷᠢᠯᠴᠠᠭ᠎ᠠ ᠠᠮᠵᠢᠯᠲᠠ ᠲᠠᠢ ᠶᠠᠪᠤᠭᠳᠠᠪᠠ᠃ ᠳᠡᠯᠡᠬᠡᠢ ᠶᠢᠨ ᠪᠠ ᠭᠠᠵᠠᠷ | ᠣᠷᠣᠨ ᠤ ᠮᠠᠰᠢ ᠤᠯᠠᠨ ᠠᠰᠠᠭᠤᠳᠠᠯ ᠳᠡᠭᠡᠷ᠎ᠡ ᠳᠤᠮᠳᠠᠳᠤ ᠸᠢᠶᠧ᠊ᠲ᠋ᠨᠠᠮ ᠬᠤᠶᠠᠷ ᠤᠯᠤᠰ ᠤᠨ ᠵᠣᠭᠰᠣᠯᠲᠠ ᠠᠳᠠᠯᠢᠪᠲᠤᠷ᠂ ᠬᠠᠮᠵᠢᠯᠴᠠᠭ᠎ᠠ ᠨᠢᠭᠲᠠ ᠪᠠᠶᠢᠳᠠᠭ᠃ | ᠳᠤᠮᠳᠠᠳᠤ ᠸᠢᠶᠧ᠊ᠲ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ ᠬᠠᠮᠲᠤᠷᠠᠯᠴᠠᠭᠠᠨ ᠤ ᠰᠢᠮᠡᠲᠦ ᠬᠥᠷᠥᠰᠥᠨ ᠳᠤ | ᠦᠨᠳᠦᠰᠦᠯᠡᠭᠰᠡᠨ ᠶᠤᠮ᠃ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠦᠨ ᠮᠡᠬᠦᠰᠳᠡᠵᠦ ᠪᠠᠶᠢᠭ᠎ᠠ ᠠᠬᠤᠢ ᠪᠠᠶᠢᠳᠠᠯ ᠳᠣᠣᠷ᠎ᠠ ᠳᠤᠮᠳᠠᠳᠤ ᠸᠢᠶᠧ᠊ᠲ᠋ᠨᠠᠮ ᠤᠨ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠨᠠᠩ ᠨᠢᠭᠲᠠ ᠪᠣᠯᠪᠠ᠃ ᠳᠤᠮᠳᠠᠳᠤ ᠤᠯᠤᠰ 20 ᠭᠠᠷᠤᠢ ᠵᠢᠯ ᠳᠠᠷᠠᠭᠠᠯᠠᠨ | ᠸᠢᠶᠧ᠊ᠲ᠋ᠨᠠᠮ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠵᠤ᠂ 2024 ᠣᠨ ᠳᠤ ᠳᠤᠮᠳᠠᠳᠤ ᠸᠢᠶᠧ᠊ᠲ᠋ᠨᠠᠮ ᠤᠨ ᠬᠤᠶᠠᠷ ᠲᠠᠯ᠎ᠠ ᠶᠢᠨ ᠠᠷᠠᠯᠵᠢᠶᠠᠨ ᠤ | ᠬᠡᠮᠵᠢᠶ᠎ᠡ 2600 ᠳ᠋ᠦᠩᠰᠢᠭᠤᠷ ᠳ᠋ᠣᠯᠯᠠᠷ ᠢ ᠳᠠᠪᠠᠵᠠᠢ᠃ ᠳ᠋ᠦᠷᠢᠦ᠂ ᠨᠠᠷᠭᠢᠯ ᠵᠡᠷᠭᠡ ᠸᠢᠶᠧ᠊ᠲ᠋ᠨᠠᠮ ᠤᠨ ᠨᠡᠩ ᠤᠯᠠᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ | ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠭᠡ ᠳᠤ ᠣᠷᠣᠪᠠ᠃ ᠬᠤᠶᠠᠷ ᠤᠯᠤᠰ ᠤᠨ ᠲᠡᠮᠦᠷ ᠵᠠᠮ ᠤᠨ ᠬᠤᠯᠪᠣᠯᠳᠤᠨ ᠨᠡᠪᠲᠡᠷᠡᠯᠴᠡᠬᠦ ᠪᠠ ᠣᠶᠤᠨᠲᠤ | ᠪᠣᠭᠤᠮᠲᠠ ᠶᠢᠨ ᠪᠦᠲᠦᠭᠡᠨ ᠪᠠᠶᠢᠭᠤᠯᠤᠯᠲᠠ ᠡᠮᠬᠢ ᠵᠢᠷᠤᠮ ᠲᠠᠢ ᠠᠬᠢᠵᠤ᠂ ᠭᠡᠷᠡᠯᠴᠢ ᠴᠡᠨᠡᠭ᠂ ᠬᠤᠭ ᠨᠣᠪᠰᠢ ᠪᠠᠷ ᠴᠠᠭᠢᠯᠭᠠᠨ ᠭᠠᠷᠭᠠᠬᠤ ᠵᠡᠷᠭᠡ ᠴᠡᠪᠡᠷ ᠡᠨᠧᠷᠭᠢ ᠶᠢᠨ | ᠲᠥᠷᠥᠯ ᠵᠦᠢᠯ ᠨᠢ ᠸᠢᠶᠧ᠊ᠲ᠋ᠨᠠᠮ ᠤᠨ ᠴᠠᠭᠢᠯᠭᠠᠨ ᠬᠦᠴᠦᠨ ᠤ ᠬᠠᠩᠭᠠᠯᠭ᠎ᠠ ᠶᠢ ᠬᠦᠴᠦᠲᠡᠢ ᠪᠠᠲᠤᠯᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ | ᠳᠠᠭᠠᠭᠠᠴᠢᠯᠠᠨ ᠪᠠᠶᠢᠭᠤᠯᠤᠭᠰᠠᠨ ᠬᠠᠨᠤᠢ ᠶᠢᠨ ᠬᠥᠩᠭᠡᠨ ᠵᠢᠮᠲᠦ ᠲᠡᠮᠦᠷ ᠵᠠᠮ ᠤᠨ 2 ᠳ᠋ᠤᠭᠠᠷ ᠱᠤᠭᠤᠮ ᠨᠢ ᠬᠤᠲᠠ ᠶᠢᠨ ᠠᠷᠠᠳ ᠤᠨ ᠡᠳᠦᠷ ᠲᠤᠲᠤᠮ ᠤᠨ ᠶᠠᠪᠤᠵᠤ | ᠰᠠᠭᠤᠬᠤ ᠳᠤ ᠲᠥᠭᠦᠮ ᠦᠵᠡᠭᠦᠯᠪᠡ᠃ ᠳᠤᠮᠳᠠᠳᠤ ᠸᠢᠶᠧ᠊ᠲ᠋ᠨᠠᠮ ᠬᠤᠶᠠᠷ ᠤᠯᠤᠰ ᠬᠠᠷᠢᠯᠴᠠᠨ ᠠᠮᠵᠢᠯᠲᠠ ᠣᠯᠵᠤ᠂ ᠬᠠᠮᠲᠤ ᠪᠠᠷ ᠬᠥᠭᠵᠢᠵᠦ᠂ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢᠨ ᠤᠳᠬ᠎ᠠ ᠠᠭᠤᠯᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ᠃ | ᠳᠤᠮᠳᠠᠳᠤ ᠸᠢᠶᠧ᠊ᠲ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠰᠣᠶᠣᠯ ᠢᠷᠭᠡᠨᠰᠢᠯ ᠤᠨ ᠨᠢᠭᠲᠠ ᠰᠣᠯᠢᠯᠴᠠᠭ᠎ᠠ ᠪᠠᠷ ᠠᠭᠢᠭᠤᠯᠤᠬᠳᠠᠪᠠ᠃ | ᠡᠳᠡᠭᠡᠷ ᠵᠢᠯ ᠤᠳ ᠲᠤ ᠳᠤᠮᠳᠠᠳᠤ ᠸᠢᠶᠧ᠊ᠲ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠠᠪᠤᠬᠤ ᠳᠤᠳᠤᠮ ᠨᠢᠭᠲᠠᠷᠠᠨ ᠥᠷᠭᠡᠵᠢᠵᠦ᠂ ᠬᠤᠶᠠᠷ ᠤᠯᠤᠰ ᠤᠨ | ᠠᠷᠠᠳ ᠲᠦᠮᠡᠨ ᠶᠠᠪᠤᠬᠤ ᠳᠤᠳᠤᠮ ᠳᠣᠲᠣᠨᠣ ᠪᠣᠯᠪᠠ᠃ 2024 ᠣᠨ ᠳᠤ ᠳᠤᠮᠳᠠᠳᠤ ᠤᠯᠤᠰ ᠤᠨ ᠸᠢᠶᠧ᠊ᠲ᠋ᠨᠠᠮ ᠳᠤ ᠬᠦᠷᠴᠦ ᠵᠢᠭᠤᠯᠴᠢᠯᠠᠬᠰᠠᠳ 370 | ᠲᠦᠮᠡᠨ ᠬᠥᠮᠥᠨ ᠤᠳᠠᠭ᠎ᠠ ᠶᠢ ᠳᠠᠪᠠᠵᠤ᠂ ᠳ᠋ᠧ ᠲᠢᠶᠠᠨ ︵ ᠪᠠᠨ ᠶᠤᠸᠠᠢ︶ ᠬᠦᠷᠬᠢᠷ᠎ᠡ ᠶᠢᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ | ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ᠂ ᠬᠢᠯᠢ ᠠᠯᠤᠰᠯᠠᠭᠰᠠᠨ ᠬᠤᠪᠢ ᠶᠢᠨ ᠮᠠᠰᠢᠨ ᠲᠡᠷᠭᠡ ᠪᠠᠨ ᠵᠢᠯᠤᠭᠤᠳᠴᠤ ᠵᠢᠭᠤᠯᠴᠢᠯᠠᠬᠤ ᠣᠯᠠᠨ ᠵᠠᠮ ᠱᠤᠭᠤᠮ | ᠨᠡᠪᠲᠡᠷᠡᠵᠦ᠂ ︽ᠨᠢᠭᠡ ᠡᠳᠦᠷ ᠬᠤᠶᠠᠷ ᠤᠯᠤᠰ ᠲᠤ ᠵᠢᠭᠤᠯᠴᠢᠯᠠᠬᠤ︾ ᠨᠢ ᠪᠣᠳᠠᠲᠤ ᠠᠬᠤᠢ ᠪᠣᠯᠵᠤ ᠪᠡᠶᠡᠯᠡᠭᠳᠡᠪᠡ᠃ ᠳᠤᠮᠳᠠᠳᠤ ᠤᠯᠤᠰ ᠤᠨ ᠺᠢᠨᠣ᠋ ᠲᠧᠯᠸᠢᠰ ᠤᠨ | ᠪᠦᠲᠦᠭᠡᠯ᠂ ᠡᠯᠧᠺᠳ᠋ᠷᠣᠨ ᠲᠣᠭᠯᠠᠭᠠᠮ ᠨᠢ ᠸᠢᠶᠧ᠊ᠲ᠋ᠨᠠᠮ ᠤᠨ ᠵᠠᠯᠠᠭᠤᠴᠤᠳ ᠤᠨ ᠬᠠᠯᠠᠮᠰᠢᠯ ᠶᠠᠷᠢᠶᠠᠨ ᠤ ᠰᠡᠳᠦᠪ ᠪᠣᠯᠵᠤ᠂ ᠸᠢᠶᠧ᠊ᠲ᠋ᠨᠠᠮ ᠤᠨ ︽ᠬᠢᠲᠠᠳ | ᠬᠡᠯᠡᠨ ᠤ ᠬᠠᠯᠠᠮᠰᠢᠯ︾ ᠢ ᠲᠠᠰᠤᠷᠠᠯᠲᠠ ᠦᠭᠡᠢ ᠳᠠᠶᠢᠴᠢᠯᠠᠪᠠ᠃ ᠸᠢᠶᠧ᠊ᠲ᠋ᠨᠠᠮ ᠤᠨ ᠴᠥᠭᠡᠨ ᠪᠤᠰᠤ ᠳᠠᠭᠤᠤ ᠬᠥᠭᠵᠢᠮ ᠨᠢ ᠳᠤᠮᠳᠠᠳᠤ ᠤᠯᠤᠰ ᠤᠨ ᠢᠨᠲ᠋ᠧᠷ | ᠰᠦᠯᠵᠢᠶᠡᠨ ᠳᠤ ᠬᠠᠯᠠᠮᠰᠢᠯ ᠮᠡᠳᠡᠭᠡ ᠪᠣᠯᠵᠤ᠂ ᠾᠤᠹᠧᠨ ᠵᠡᠷᠭᠡ ᠸᠢᠶᠧ᠊ᠲ᠋ᠨᠠᠮ ᠤᠨ ᠠᠮᠲᠠᠲᠤ ᠢᠳᠡᠭᠡᠨ ᠨᠢ ᠴᠥᠭᠡᠨ ᠪᠤᠰᠤ ᠳᠤᠮᠳᠠᠳᠤ ᠤᠯᠤᠰ ᠤᠨ ᠠᠷᠠᠳ | ᠤᠯᠠᠨ ᠳᠤ ᠲᠠᠭᠠᠰᠢᠶᠠᠭᠳᠠᠪᠠ᠃ | ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ | ᠶᠠᠪᠤᠭᠳᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ | ᠲᠣᠯᠣᠭᠠᠢ ᠥᠨᠳᠡᠶᠢᠵᠦ ᠪᠠᠶᠢᠭ᠎ᠠ ᠪᠠᠶᠢᠳᠠᠯ ᠳᠣᠣᠷ᠎ᠠ ᠳᠤᠮᠳᠠᠳᠤ ᠤᠯᠤᠰ ᠤᠨ ᠠᠵᠤ ᠠᠬᠤᠢ ᠬᠦᠴᠢᠷ ᠢ ᠰᠥᠷᠦᠨ ᠤᠷᠤᠭᠰᠢᠯᠠᠵᠤ᠂ 2024 ᠣᠨ ᠳᠤ 5% ᠶᠢᠨ | ᠨᠡᠮᠡᠭᠳᠡᠯ ᠢ ᠪᠡᠶᠡᠯᠡᠭᠦᠯᠵᠦ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠦᠭᠰᠡᠨ ᠨᠤᠷᠮ᠎ᠠ 30% ᠣᠷᠴᠢᠮ ᠪᠠᠶᠢᠬᠤ ᠶᠢ ᠪᠠᠲᠤᠯᠠᠵᠤ᠂ | ᠦᠷᠭᠦᠯᠵᠢᠯᠡᠨ ᠳᠡᠯᠡᠬᠡᠢ ᠶᠢᠨ ᠠᠵᠤ ᠠᠬᠤᠢ ᠶᠢᠨ ᠴᠢᠬᠤᠯᠠ ᠬᠥᠳᠡᠯᠭᠡᠭᠦᠷ ᠪᠣᠯᠪᠠ᠃ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ᠂ ᠵᠣᠬᠢᠶᠠᠮᠠᠯ ᠣᠶᠤᠨ | ᠴᠢᠳᠠᠪᠤᠷᠢ ᠪᠠ ᠺᠠᠷᠲ᠋ᠣᠨ ᠺᠢᠨᠣ᠋ ᠲᠧᠯᠸᠢᠰ ᠪᠦᠭᠦ ᠳᠡᠯᠡᠬᠡᠢ ᠶᠢᠨ ᠠᠩᠬᠠᠷᠤᠯ ᠢ ᠲᠠᠲᠠᠪᠠ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ | ᠳᠡᠯᠡᠬᠡᠢ ᠳ᠋ᠠᠬᠢᠨ ᠳᠤ ᠨᠡᠩ ᠤᠯᠠᠨ ᠠᠵᠠ ᠲᠣᠭᠢᠶᠠᠯ ᠬᠠᠩᠭᠠᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠤᠯᠤᠰ ᠤᠨ ᠬᠠᠮᠲᠤ ᠶᠢᠨ | ᠬᠥᠭᠵᠢᠯᠲᠡ ᠶᠢ ᠠᠬᠢᠭᠤᠯᠤᠨ᠎ᠠ᠃ | ᠠᠽᠢᠶ᠎ᠠ ᠲᠢᠪ ᠪᠣᠯ ᠪᠦᠭᠦ ᠪᠥᠮᠪᠥᠷᠴᠡᠭ ᠤᠨ ᠬᠠᠮᠲᠤᠷᠠᠯᠴᠠᠨ ᠬᠥᠭᠵᠢᠬᠦ ᠥᠨᠳᠦᠷᠯᠢᠭ ᠮᠥᠨ᠂ ᠶᠠᠭ ᠪᠦᠬᠦᠯᠢ ᠴᠣᠭᠴᠠ ᠶᠢᠨ ᠰᠡᠷᠭᠦᠨ ᠮᠠᠨᠳᠤᠯᠲᠠ ᠶᠢ ᠪᠡᠶᠡᠯᠡᠭᠦᠯᠬᠦ | ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠭᠢᠶᠠᠯ ᠪᠠ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ | ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ᠂ ᠳᠣᠲᠣᠨᠣ | ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ | ᠨᠥᠬᠦᠷᠯᠡᠬᠦ ᠴᠢᠭᠯᠡᠯᠲᠡ ᠶᠢ ᠪᠠᠷᠢᠮᠲᠠᠯᠠᠨ᠂ ᠬᠥᠷᠰᠢ ᠵᠡᠷᠭᠡᠯᠡᠳᠡᠭᠡ ᠶᠢᠨ ᠤᠯᠤᠰ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠽᠢᠶ᠎ᠠ ᠲᠢᠪ ᠤᠨ | ᠣᠳᠣᠬᠢᠴᠢᠯᠠᠯᠲᠠ ᠶᠢᠨ ᠠᠬᠢᠴᠠ ᠶᠢ ᠬᠠᠮᠲᠤ ᠪᠠᠷ ᠠᠬᠢᠭᠤᠯᠤᠨ᠎ᠠ᠃ | ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠸᠢᠶᠧ᠊ᠲ᠋ᠨᠠᠮ ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ ᠰᠢᠨ᠎ᠡ | ᠡᠷᠡᠨ ᠢ ᠡᠬᠢᠯᠡᠭᠦᠯᠵᠦ᠂ ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ | ᠪᠣᠯᠣᠨ᠎ᠠ᠃ ᠳᠤᠮᠳᠠᠳᠤ ᠤᠯᠤᠰ ᠸᠢᠶᠧ᠊ᠲ᠋ᠨᠠᠮ ᠢ ᠢᠮᠠᠭᠲᠠ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠤᠷᠢᠳ ᠢᠶᠠᠷ ᠪᠣᠳᠣᠯᠬᠢᠯᠠᠬᠤ ᠴᠢᠭᠯᠡᠯ ᠢᠶᠠᠷ | ᠦᠵᠡᠭᠰᠡᠭᠡᠷ ᠢᠷᠡᠵᠠᠢ᠃ ᠪᠢᠳᠡ ᠳᠤᠮᠳᠠᠳᠤ ᠸᠢᠶᠧ᠊ᠲ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠠᠽᠢᠶ᠎ᠠ ᠲᠢᠪ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠ ᠬᠥᠭᠵᠢᠯ ᠴᠡᠴᠡᠭᠯᠡᠯ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠶ᠎ᠡ᠃ | — ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠶ᠎ᠠ᠃ | ᠳᠡᠭᠡᠳᠦ ᠳᠠᠪᠬᠤᠷᠭ᠎ᠠ ᠠᠴᠠ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠸᠢᠶᠧ᠊ᠲ᠋ᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠵᠢᠯᠤᠭᠤᠳᠬᠤ | ᠵᠥᠪᠯᠡᠯ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠬᠤᠭᠤᠷᠣᠨᠳᠣᠭᠢ᠂ ᠵᠠᠰᠠᠭ ᠤᠨ ᠣᠷᠳᠣᠨ᠂ ᠴᠡᠷᠢᠭ ᠠᠩᠭᠢ᠂ | ᠬᠠᠤᠯᠢ ᠬᠡᠷᠡᠭᠵᠢᠭᠦᠯᠬᠦ ᠠᠮᠤᠷ ᠲᠦᠪᠰᠢᠨ ᠵᠡᠷᠭᠡ ᠠᠵᠢᠯ ᠲᠥᠷᠥᠯ ᠵᠣᠬᠢᠴᠠᠯᠳᠤᠭᠰᠠᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ | ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠤᠯᠤᠰ ᠲᠥᠷᠥ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠶ᠎ᠠ᠃ ᠳᠤᠮᠳᠠᠳᠤ | ᠤᠯᠤᠰ ᠳᠤᠷᠠᠲᠠᠶ᠎ᠠ ᠸᠢᠶᠧ᠊ᠲ᠋ᠨᠠᠮ ᠤᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠨᠡᠶᠢᠭᠡᠮ | ᠵᠢᠷᠤᠮ ᠤᠨ ᠤᠨᠤᠯ ᠪᠠ ᠦᠢᠯᠡᠳᠦᠯᠭᠡ ᠶᠢ ᠬᠠᠮᠲᠤ ᠪᠠᠷ ᠰᠦᠪᠡᠭᠴᠢᠯᠡᠨ ᠪᠠᠶᠠᠯᠢᠭᠵᠢᠭᠤᠯᠵᠤ᠂ ᠬᠤᠶᠠᠷ ᠤᠯᠤᠰ ᠤᠨ ᠨᠡᠶᠢᠭᠡᠮ ᠵᠢᠷᠤᠮ ᠤᠨ ᠦᠢᠯᠡᠰ ᠤᠨ | ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ᠃ | — ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠦᠶ᠎ᠡ᠃ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠵᠠᠰᠠᠭ ᠤᠨ ᠣᠷᠳᠣᠨ ᠤ ︽ᠨᠢᠭᠡ ᠪᠦᠰᠡ ᠨᠢᠭᠡ ᠵᠠᠮ | ︾ ᠢ ᠬᠠᠮᠲᠤ ᠪᠠᠷ ᠪᠦᠲᠦᠭᠡᠨ ᠪᠠᠶᠢᠭᠤᠯᠬᠤ ᠬᠢᠭᠡᠳ ︽ᠬᠤᠶᠠᠷ ᠬᠤᠩᠭᠢᠯ ᠨᠢᠭᠡ ᠲᠣᠭᠤᠷᠢᠭ︾ ᠤᠨ ᠪᠣᠷᠣ ᠲᠥᠯᠥᠪ ᠢ ᠵᠣᠯᠭᠠᠭᠤᠯᠬᠤ ᠲᠤᠬᠠᠢ ᠬᠠᠮᠲᠤᠷᠠᠯᠴᠠᠭᠠᠨ ᠤ | ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠤᠯᠠᠨ ᠠᠵᠤ ᠠᠬᠤᠢ᠂ ᠮᠡᠷᠭᠡᠵᠢᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠶ᠎ᠠ᠃ ᠳᠤᠮᠳᠠᠳᠤ | ᠤᠯᠤᠰ ᠳᠤᠷᠠᠲᠠᠶ᠎ᠠ ᠸᠢᠶᠧ᠊ᠲ᠋ᠨᠠᠮ ᠤᠨ ᠬᠢᠨ ᠲᠠᠢ ᠸᠢᠶᠧ᠊ᠲ᠋ᠨᠠᠮ ᠤᠨ ᠤᠮᠠᠷᠠᠲᠤ ᠬᠡᠰᠡᠭ ᠤᠨ ᠪᠠᠷᠢᠮᠵᠢᠶᠠᠲᠤ ᠵᠢᠮᠲᠦ ᠲᠡᠮᠦᠷ ᠵᠠᠮ ᠤᠨ 3 ᠲᠦᠷᠦᠯ ᠵᠦᠢᠯ ᠤᠨ | ᠬᠠᠮᠲᠤᠷᠠᠯᠴᠠᠭ᠎ᠠ ᠶᠢ ᠠᠬᠢᠭᠤᠯᠵᠤ᠂ ᠣᠶᠤᠨᠲᠤ ᠬᠢᠯᠢ ᠶᠢᠨ ᠪᠣᠭᠤᠮᠲᠠ ᠶᠢ ᠪᠠᠶᠢᠭᠤᠯᠤᠨ᠎ᠠ᠃ ᠳᠤᠮᠳᠠᠳᠤ ᠤᠯᠤᠰ ᠸᠢᠶᠧ᠊ᠲ᠋ᠨᠠᠮ ᠤᠨ ᠨᠡᠩ ᠤᠯᠠᠨ ᠴᠢᠨᠠᠷ ᠰᠠᠶᠢᠲᠠᠢ | ᠲᠠᠸᠠᠷ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠤᠨ | ᠸᠢᠶᠧ᠊ᠲ᠋ᠨᠠᠮ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ 5G᠂ ᠵᠣᠬᠢᠶᠠᠮᠠᠯ ᠤᠶᠤᠨ ᠴᠢᠳᠠᠪᠤᠷᠢ᠂ ᠪᠣᠬᠢᠷᠳᠤᠯ ᠦᠭᠡᠢ ᠬᠥᠭᠵᠢᠯᠲᠡ ᠵᠡᠷᠭᠡ | ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠶ᠎ᠡ᠃ | — ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠰᠡᠳᠬᠢᠯ ᠢ ᠨᠡᠪᠲᠡᠷᠡᠭᠦᠯᠬᠦ ᠬᠤᠯᠪᠣᠭᠠᠰᠤ ᠶᠢ ᠴᠢᠩᠭᠠᠯᠠᠶ᠎ᠠ᠃ ᠡᠨᠡ ᠵᠢᠯ ︽ | ᠳᠤᠮᠳᠠᠳᠤ ᠸᠢᠶᠧ᠊ᠲ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠡᠯᠪᠡᠭ ᠪᠠᠶᠠᠯᠢᠭ ᠤᠯᠠᠨ ᠡᠰᠢᠲᠦ | ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠦᠶ᠎ᠡ᠃ ᠳᠤᠮᠳᠠᠳᠤ ᠤᠯᠤᠰ ᠸᠢᠶᠧ᠊ᠲ᠋ᠨᠠᠮ ᠤᠨ ᠠᠷᠠᠳ ᠤᠯᠠᠨ ᠤ ᠳᠤᠮᠳᠠᠳᠤ ᠤᠯᠤᠰ ᠤᠨ ᠡᠯ᠎ᠡ ᠭᠠᠵᠠᠷ ᠢᠶᠠᠷ | ᠢᠯᠡᠭᠦᠬᠡᠨ ᠬᠦᠷᠴᠦ ︽ᠠᠶᠢᠯᠴᠢᠯᠠᠬᠤ︾ ᠶᠢ ᠪᠠᠶᠠᠷᠯᠠᠨ ᠤᠭᠲᠤᠵᠤ ᠪᠠᠶᠢᠬᠤ ᠪᠥᠭᠡᠳ ᠳᠤᠮᠳᠠᠳᠤ ᠤᠯᠤᠰ ᠤᠨ ᠵᠢᠭᠤᠯᠴᠢᠯᠠᠬᠰᠡᠳ ᠤᠨ ᠸᠢᠶᠧ᠊ᠲ᠋ᠨᠠᠮ ᠤᠨ | ᠠᠯᠳᠠᠷᠲᠤ ᠦᠵᠡᠮᠵᠢ ᠶᠢᠨ ᠣᠷᠣᠨ ᠳᠤ ᠬᠦᠷᠴᠦ ︽ᠺᠠᠷᠳ᠋ᠯᠠᠨ ᠵᠢᠭᠤᠯᠴᠢᠯᠠᠬᠤ︾ ᠶᠢ ᠵᠣᠷᠢᠭᠵᠢᠭᠤᠯᠤᠨ᠎ᠠ᠃ ᠳᠤᠮᠳᠠᠳᠤ ᠸᠢᠶᠧ᠊ᠲ᠋ᠨᠠᠮ ᠤᠨ ᠵᠠᠯᠠᠭᠤᠴᠤᠳ ᠤᠨ | ᠨᠥᠭᠦᠷᠰᠡᠭ ᠠᠭᠤᠯᠵᠠᠯᠲᠠ᠂ ᠬᠢᠯᠢ ᠶᠢᠨ ᠠᠷᠠᠳ ᠤᠨ ᠬᠠᠮᠲᠤᠷᠠᠭᠰᠠᠨ ᠨᠠᠶᠢᠷ ᠵᠡᠷᠭᠡ ᠬᠠᠶᠢᠷ᠎ᠠ ᠰᠡᠳᠬᠢᠯᠭᠡ ᠲᠠᠢ᠂ ᠤᠯᠠᠨ ᠲᠦᠮᠡᠨ ᠲᠠᠢ ᠣᠶᠢᠷᠠᠲᠤᠭᠰᠠᠨ᠂ ᠠᠷᠠᠳ ᠤᠨ | ᠰᠡᠳᠬᠢᠯ ᠢ ᠨᠢᠭᠲᠠᠷᠠᠭᠤᠯᠤᠭᠰᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠶᠢ ᠬᠠᠮᠲᠤ ᠪᠠᠷ ᠰᠠᠶᠢᠲᠤᠷ ᠬᠢᠵᠦ᠂ ᠬᠤᠪᠢᠰᠬᠠᠯ ᠤᠨ ᠡᠬᠢ ᠪᠠᠶᠠᠯᠢᠭ ᠢ | ᠭᠦᠨᠵᠡᠭᠡᠢ ᠠᠭᠤᠳᠠᠯᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠸᠢᠶᠧ᠊ᠲ᠋ᠨᠠᠮ ᠤᠨ | ᠨᠥᠬᠦᠷᠯᠡᠯ ᠤᠨ ᠪᠤᠤᠬᠢᠶ᠎ᠠ ᠶᠢ ᠦᠶ᠎ᠡ ᠶᠢᠨ ᠦᠶ᠎ᠡ ᠳᠤ ᠳᠠᠮᠵᠢᠭᠤᠯᠤᠶ᠎ᠠ᠃ | — ᠣᠯᠠᠨ ᠲᠠᠯ᠎ᠠ ᠶᠢᠨ ᠬᠠᠮᠵᠢᠯᠴᠠᠭ᠎ᠠ ᠶᠢ ᠨᠢᠭᠲᠠᠷᠠᠭᠤᠯᠵᠤ᠂ ᠠᠽᠢᠶ᠎ᠠ ᠲᠢᠪ ᠤᠨ ᠴᠡᠴᠡᠭᠯᠡᠯ ᠬᠥᠭᠵᠢᠯ ᠢ ᠠᠬᠢᠭᠤᠯᠤᠶ᠎ᠠ᠃ ᠡᠨᠡ ᠵᠢᠯ ᠪᠣᠯ ᠳᠤᠮᠳᠠᠳᠤ ᠤᠯᠤᠰ ᠤᠨ | ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠤᠯᠬᠤ ᠪᠥᠭᠡᠳ | ᠪᠠᠰᠠ ᠴᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ | ᠳᠢᠭᠯᠢᠮ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ᠂ | ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ | ᠬᠠᠮᠲᠤ ᠪᠠᠷ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠠᠷᠠᠯᠵᠢᠶᠠᠨ ᠤ ᠲᠡᠶᠢᠨ᠂ ᠪᠣᠭᠤᠮᠲᠠ ᠶᠢᠨ ᠭᠠᠶᠢᠯᠢ ᠶᠢᠨ | ᠲᠡᠶᠢᠨ ᠳᠤ ᠢᠯᠠᠭᠴᠢ ᠦᠭᠡᠢ᠂ ᠬᠠᠮᠠᠭᠠᠯᠠᠬᠤ ᠦᠵᠡᠯ ᠳᠤ ᠭᠠᠷᠬᠤ ᠵᠠᠮ ᠦᠭᠡᠢ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠪᠦᠭᠦ | ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠵᠤ᠂ ᠨᠡᠭᠡᠭᠡᠯᠲᠡᠲᠡᠢ ᠬᠠᠮᠲᠤᠷᠠᠯᠴᠠᠭ᠎ᠠ ᠬᠢᠬᠦ ᠤᠯᠠᠨ | ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ᠃ ᠵᠡᠭᠦᠨ ᠠᠽᠢᠶ᠎ᠠ ᠶᠢᠨ ᠬᠠᠮᠲᠤᠷᠠᠯᠴᠠᠭ᠎ᠠ᠂ ᠯᠠᠨᠼᠠᠩᠵᠢᠶᠠᠩ ᠮᠥᠷᠡᠨ ᠮᠦᠢᠭᠤᠩ ᠮᠥᠷᠡᠨ ᠤ ᠬᠠᠮᠲᠤᠷᠠᠯᠴᠠᠭ᠎ᠠ ᠵᠡᠷᠭᠡ | ᠲᠣᠭᠲᠠᠴᠠ ᠶᠢᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠷᠲᠢᠨᠴᠦ ᠳᠤ ᠨᠡᠩ ᠤᠯᠠᠨ ᠲᠣᠬᠲᠠᠭᠠᠯᠳᠤ | ᠴᠢᠨᠠᠷ ᠪᠠ ᠢᠳᠡᠪᠬᠢ ᠬᠦᠴᠦᠨ ᠨᠡᠮᠡᠷᠢᠯᠡᠶ᠎ᠡ᠃ | — ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠶ᠎ᠠ᠃ ᠳᠤᠮᠳᠠᠳᠤ | ᠸᠢᠶᠧ᠊ᠲ᠋ᠨᠠᠮ ᠬᠤᠶᠠᠷ ᠤᠯᠤᠰ ᠤᠨ ᠡᠬᠡ ᠬᠠᠭᠤᠷᠠᠢ ᠶᠢᠨ ᠬᠢᠯᠢ ᠶᠢᠨ ᠵᠠᠭᠠᠭ ᠪᠣᠯᠣᠨ ᠤᠮᠠᠷᠠᠲᠤ ᠶᠢᠨ ᠪᠤᠯᠤᠩ ᠤᠨ ᠵᠠᠭᠠᠭ ᠬᠢᠵᠠᠭᠠᠷ ᠢ ᠰᠢᠢᠳᠪᠦᠷᠢᠯᠡᠭᠰᠡᠨ | ᠠᠮᠵᠢᠯᠲᠠ ᠲᠠᠢ ᠦᠢᠯᠡᠳᠦᠯᠭᠡ ᠨᠢ᠂ ᠬᠤᠶᠠᠷ ᠲᠠᠯ᠎ᠠ ᠪᠠᠷ ᠢᠶᠠᠨ ᠵᠥᠪᠳᠡᠯᠴᠡᠵᠦ ᠬᠡᠯᠡᠯᠴᠡᠭᠡ ᠬᠢᠬᠦ ᠪᠠᠷ ᠳᠠᠮᠵᠢᠨ ᠳᠠᠯᠠᠢ ᠳᠡᠭᠡᠷᠡᠬᠢ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠴᠢᠳᠠᠪᠤᠷᠢ᠂ ᠤᠶᠤᠨ ᠤᠬᠠᠭᠠᠨ ᠪᠦᠷᠢᠨ ᠪᠠᠶᠢᠨ᠎ᠠ ᠭᠡᠳᠡᠭ ᠢ ᠬᠠᠷᠠᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ ᠨᠠᠮ ᠬᠤᠶᠠᠷ ᠤᠯᠤᠰ ᠤᠨ | ᠳᠡᠭᠡᠳᠦ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ ᠶᠠᠪᠤᠳᠠᠯ ᠤᠨ ᠬᠡᠯᠡᠯᠴᠡᠭᠡ ᠶᠢᠨ ᠲᠣᠭᠲᠠᠴᠠ ᠶᠢᠨ ᠦᠢᠯᠡᠳᠦᠯ ᠢ | ᠰᠠᠶᠢᠲᠤᠷ ᠪᠠᠳᠠᠷᠠᠭᠤᠯᠵᠤ᠂ ᠳᠠᠯᠠᠢ ᠳᠡᠭᠡᠷᠡᠬᠢ ᠶᠠᠪᠤᠳᠠᠯ ᠤᠨ ᠵᠥᠷᠢᠯᠳᠦᠭᠡᠨ ᠢ ᠵᠣᠬᠢᠰᠲᠠᠢ ᠬᠠᠮᠢᠶᠠᠷᠤᠨ ᠡᠵᠡᠮᠳᠡᠵᠦ᠂ ᠳᠠᠯᠠᠢ ᠳᠡᠭᠡᠷᠡᠬᠢ ᠬᠠᠮᠲᠤᠷᠠᠯᠴᠠᠭ᠎ᠠ ᠶᠢ | ᠦᠷᠭᠦᠯᠵᠢᠯᠡᠨ ᠥᠷᠭᠡᠳᠬᠡᠵᠦ᠂ ᠡᠴᠦᠰ ᠲᠡᠭᠡᠨ ᠮᠠᠷᠭᠤᠭᠠᠨ ᠢ ᠰᠢᠢᠳᠪᠦᠷᠢᠯᠡᠬᠦ ᠳᠤ ᠨᠥᠬᠦᠴᠡᠯ ᠬᠤᠷᠠᠮᠳᠤᠭᠤᠯᠤᠶ᠎ᠠ᠃ ︽ᠡᠮᠦᠨᠡᠲᠦ ᠲᠠᠩᠭᠢᠰ ᠤᠨ ᠡᠯ᠎ᠡ ᠲᠠᠯ᠎ᠠ ᠶᠢᠨ | ᠠᠵᠢᠯᠯᠠᠭᠠᠨ ᠤ ᠲᠤᠩᠬᠠᠭ︾ ᠢ ᠪᠦᠭᠦ ᠲᠠᠯ᠎ᠠ ᠪᠠᠷ ᠪᠦᠲᠦᠮᠵᠢᠲᠡᠢ ᠨᠠᠶᠢᠳᠠᠪᠤᠷᠢᠵᠢᠭᠤᠯᠵᠤ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾ ᠶᠢᠨ | ᠵᠥᠪᠳᠡᠯᠴᠡᠭᠡ ᠶᠢ ᠢᠳᠡᠪᠬᠢᠲᠡᠢ ᠠᠬᠢᠭᠤᠯᠵᠤ᠂ ᠬᠠᠷᠰᠢᠯᠠᠯ ᠢ ᠠᠷᠢᠯᠭᠠᠵᠤ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ ᠠᠷᠢᠯᠭᠠᠵᠤ᠂ ᠡᠮᠦᠨᠡᠲᠦ ᠲᠠᠩᠭᠢᠰ ᠢ ᠵᠢᠩᠬᠢᠨᠢ | ᠡᠩᠬᠡ ᠲᠠᠶᠢᠪᠤᠩ ᠤᠨ ᠲᠠᠩᠭᠢᠰ᠂ ᠨᠥᠬᠦᠷᠯᠡᠯ ᠤᠨ ᠲᠠᠩᠭᠢᠰ᠂ ᠬᠠᠮᠲᠤᠷᠠᠯᠴᠠᠭᠠᠨ ᠤ ᠲᠠᠩᠭᠢᠰ ᠪᠣᠯᠭᠠᠶ᠎ᠠ᠃ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠳᠤᠷᠠᠲᠠᠶ᠎ᠠ ᠸᠢᠶᠧ᠊ᠲ᠋ᠨᠠᠮ ᠲᠠᠢ ᠬᠠᠮᠲᠤ ᠪᠠᠷ ᠭᠠᠷ ᠬᠤᠯᠪᠣᠨ ᠤᠷᠤᠭᠰᠢᠯᠠᠵᠤ᠂ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠦᠷᠭᠦᠯᠵᠢᠯᠡᠨ ᠳᠤᠮᠳᠠᠳᠤ ᠸᠢᠶᠧ᠊ᠲ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ | | | | | | | | |