4 ᠳ᠋ᠦ᠋ᠭᠡᠷ ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠰᠤᠷᠪᠤᠯᠵᠢᠯᠠᠭᠴᠢ ᠶᠢᠨ | ᠣᠶᠢᠯᠠᠭᠠᠭᠰᠠᠨ ᠢᠶᠠᠷ᠂ ᠪᠥᠬᠦ ᠣᠷᠣᠨ ᠤ ᠬᠢᠯᠢ ᠶᠢᠨ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠪᠣᠯᠬᠤ ᠡᠭᠦᠷᠭᠡ ᠶᠢᠨ ᠲᠣᠭᠤᠷᠢᠨ ᠳᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠢᠭᠡᠨᠲᠡ 2025 ᠣᠨ ᠤ ᠬᠤᠳᠠᠯᠳᠤᠭᠠᠨ ᠤ ᠶᠠᠪᠤᠳᠠᠯ ᠪᠠ ᠬᠢᠯᠢ ᠶᠢᠨ | ᠪᠣᠭᠤᠮᠲᠠ ᠶᠢᠨ ᠬᠥᠭᠵᠢᠯᠲᠡ ᠳᠤ ᠬᠡᠷᠡᠭᠯᠡᠬᠦ ᠲᠤᠰᠬᠠᠶ ᠵᠦᠢᠯ ᠤᠨ ᠪᠠᠯᠠ ᠮᠥᠩᠭᠦ ᠶᠢ 1.33 ᠳ᠋ᠦᠩᠰᠢᠭᠤᠷ ᠲᠥᠭᠦᠷᠢᠭ ᠪᠠᠭᠤᠯᠭᠠᠵᠤ᠂ ᠪᠥᠬᠦ ᠣᠷᠣᠨ ᠤ ᠬᠢᠯᠢ ᠶᠢᠨ | ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠬᠢᠯᠢ ᠶᠢᠨ ᠪᠣᠭᠤᠮᠲᠠ ᠪᠠᠷ ᠥᠩᠭᠡᠷᠡᠭᠡᠬᠦ ᠴᠢᠳᠠᠪᠤᠷᠢ ᠪᠠ ᠦᠢᠯᠡᠴᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠳᠤ ᠭᠤᠤᠯᠳᠠᠯᠭ᠎ᠠ ᠲᠠᠢ ᠳᠡᠮᠵᠢᠨ᠎ᠡ᠃ | |