ᠣᠶᠢᠷ᠎ᠠ ᠳᠤ᠂ ᠲᠠᠷᠢᠶᠠᠯᠠᠩ ᠤᠨ ᠪᠠᠩᠬᠢ ᠶᠢᠨ ᠪᠠᠶᠠᠨᠨᠠᠭᠤᠷ ᠬᠤᠪᠢᠶᠠᠷᠢ ᠪᠠᠩᠬᠢ 2025 ᠣᠨ ᠤ ᠵᠣᠭᠤᠰ ᠤᠬᠢᠶᠠᠬᠤ ᠶᠢ ᠡᠰᠡᠷᠭᠦᠴᠡᠬᠦ ᠬᠠᠮᠲᠤᠷᠠᠭᠰᠠᠨ ᠬᠤᠷᠠᠯ | ᠬᠤᠷᠠᠯᠳᠤᠭᠤᠯᠵᠤ᠂ ᠲᠣᠰ ᠪᠠᠩᠬᠢ ᠶᠢᠨ ᠳᠣᠲᠣᠭᠠᠳᠤ ᠶᠢᠨ ᠡᠵᠡᠮᠳᠡᠯ ᠬᠢᠭᠡᠳ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠬᠦ ᠬᠡᠯᠲᠡᠰ᠂ ᠺᠣᠮᠫᠠᠨᠢ ᠶᠢᠨ | ᠲᠤᠬᠠᠶᠢᠯᠠᠭᠰᠠᠨ ᠠᠵᠢᠯ ᠤᠨ ᠬᠡᠯᠲᠡᠰ᠂ ᠬᠤᠪᠢ ᠬᠥᠮᠦᠨ ᠤ ᠮᠥᠩᠭᠦᠨ ᠭᠦᠢᠯᠭᠡᠭᠡᠨ ᠤ ᠬᠡᠯᠲᠡᠰ᠂ ᠢᠲᠡᠭᠡᠮᠵᠢ ᠶᠢᠨ ᠺᠠᠷᠲ ᠤᠨ ᠲᠥᠪ᠂ ᠡᠵᠡᠩᠨᠡᠯᠲᠡ ᠬᠠᠮᠢᠶᠠᠷᠤᠯᠲᠠ ᠶᠢᠨ | ᠬᠡᠯᠲᠡᠰ᠂ ᠪᠡᠯᠡᠨ ᠵᠣᠭᠤᠰ ᠤᠨ ᠲᠥᠪ᠂ ᠲᠦᠭᠰᠢᠭᠦᠷᠢ ᠶᠢᠨ ᠬᠠᠮᠢᠶᠠᠷᠤᠯᠲᠠ ᠶᠢᠨ ᠬᠡᠯᠲᠡᠰ ᠵᠡᠷᠭᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠵᠢᠴᠢ ᠵᠣᠭᠤᠰ | ᠤᠬᠢᠶᠠᠬᠤ ᠶᠢ ᠡᠰᠡᠷᠭᠦᠴᠡᠬᠦ ᠠᠵᠢᠯᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠵᠣᠭᠤᠰ ᠤᠬᠢᠶᠠᠬᠤ ᠶᠢ ᠡᠰᠡᠷᠭᠦᠴᠡᠬᠦ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ᠂ ᠬᠢᠨᠠᠨ ᠬᠠᠮᠢᠶᠠᠷᠴᠤ ᠰᠢᠢᠳᠬᠡᠬᠦ᠂ ᠠᠵᠢᠯ ᠤᠨ ᠶᠠᠪᠤᠴᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ | ᠬᠡᠮᠵᠢᠶ᠎ᠡ ᠵᠡᠷᠭᠡ ᠲᠠᠯ᠎ᠠ ᠪᠠᠷ ᠬᠠᠷᠢᠭᠤ ᠮᠡᠳᠡᠭᠦᠯᠵᠦ ᠵᠠᠳᠠᠯᠤᠯᠲᠠ ᠬᠢᠵᠠᠢ᠃ | ᠬᠤᠷᠠᠯ ᠠᠴᠠ ᠱᠠᠭᠠᠷᠳᠠᠭᠰᠠᠨ ᠨᠢ᠂ | ᠨᠢᠭᠡ ᠳᠤ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ | ᠬᠢᠨᠠᠨ ᠬᠠᠮᠢᠶᠠᠷᠬᠤ ᠵᠢᠴᠢ ᠶᠡᠷᠦᠩᠬᠡᠢ ᠬᠤᠪᠢᠶᠠᠷᠢ ᠪᠠᠩᠬᠢ ᠶᠢᠨ ᠵᠣᠭᠤᠰ ᠤᠬᠢᠶᠠᠬᠤ ᠶᠢ ᠡᠰᠡᠷᠭᠦᠴᠡᠬᠦ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠬᠤᠳᠠ ᠶᠢᠨ ᠪᠠᠩᠬᠢ ᠶᠢᠨ ᠳᠠᠪᠬᠤᠷᠭ᠎ᠠ ᠳᠤ ᠤᠬᠠᠭᠤᠯᠤᠨ ᠲᠤᠭᠤᠰᠢᠯᠠᠭᠤᠯᠬᠤ᠂ ᠪᠠᠶᠢᠴᠠᠭᠠᠬᠤ ᠶᠢ ᠠᠳᠬᠤᠬᠤ᠂ ᠬᠢᠨᠠᠨ ᠵᠢᠯᠣᠭᠤᠳᠬᠤ ᠶᠢ | ᠠᠳᠬᠤᠵᠤ᠂ ᠨᠢᠭᠡᠳᠦᠭᠡᠷ ᠱᠠᠲᠤᠨ ᠤ ᠰᠠᠯᠪᠤᠷᠢ ᠪᠠᠩᠬᠢ ᠶᠢᠨ ᠲᠠᠯ᠎ᠠ ᠠᠴᠠ ᠦᠷ᠎ᠡ ᠪᠦᠲᠦᠮᠵᠢ ᠶᠢ ᠠᠳᠬᠤᠵᠤ᠂ ᠶᠠᠰᠤ ᠴᠢᠨᠠᠷ ᠢ ᠠᠳᠬᠤᠵᠤ᠂ ᠬᠡᠷᠡᠭᠵᠢᠭᠦᠯᠦᠯᠲᠡ ᠶᠢ | ᠠᠳᠬᠤᠵᠤ᠂ ᠬᠦᠴᠦ ᠪᠠᠨ ᠬᠠᠮᠲᠤᠳᠬᠠᠨ ᠪᠦᠬᠦ ᠪᠠᠩᠬᠢ ᠶᠢᠨ ᠵᠣᠭᠤᠰ ᠤᠬᠢᠶᠠᠬᠤ ᠶᠢ ᠡᠰᠡᠷᠭᠦᠴᠡᠬᠦ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠤᠲᠠ ᠶᠢᠨ | ᠪᠠᠩᠬᠢ ᠶᠢᠨ ᠵᠣᠭᠤᠰ ᠤᠬᠢᠶᠠᠬᠤ ᠶᠢ ᠡᠰᠡᠷᠭᠦᠴᠡᠬᠦ ︽ᠨᠢᠭᠡ ᠰᠡᠷᠭᠡᠶᠢᠯᠡᠯᠲᠡ ᠶᠢᠨ ᠱᠤᠭᠤᠮ︾ ᠤᠨ ᠰᠠᠯᠠᠭ᠎ᠠ ᠮᠥᠴᠢᠷ ᠤᠳ ᠡᠵᠡᠩᠨᠡᠯᠲᠡ ᠶᠢᠨ ᠪᠠᠶᠢᠭᠤᠯᠤᠮᠵᠢ ᠶᠢ | ᠦᠷᠭᠦᠯᠵᠢᠯᠡᠨ ᠵᠢᠯᠣᠭᠤᠳᠴᠤ ᠪᠠᠶᠢᠭᠠᠳ ᠬᠡᠷᠡᠭᠯᠡᠭᠴᠢᠳ ᠤᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠪᠠᠶᠢᠴᠠᠭᠠᠬᠤ ᠶᠢᠨ ᠠᠴᠢ ᠬᠤᠯᠪᠣᠭᠳᠠᠯ ᠪᠠ ᠲᠥᠪ ᠴᠢᠩᠭ᠎ᠠ ᠴᠢᠨᠠᠷ ᠢ ᠣᠶᠢᠯᠠᠭᠠᠭᠤᠯᠵᠤ᠂ ᠠᠵᠢᠯ ᠤᠨ ᠴᠤᠪᠤᠷᠠᠯ ᠢ ᠲᠣᠳᠣᠷᠬᠠᠶ ᠪᠣᠯᠭᠠᠨ᠂ ᠬᠠᠮᠢᠶᠠᠷᠤᠯᠲᠠ ᠶᠢᠨ | ᠳᠠᠪᠬᠤᠷᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠣᠳᠠᠲᠠᠶᠢᠵᠢᠭᠤᠯᠬᠤ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠵᠢᠯᠤᠭᠤᠳᠤᠯᠭ᠎ᠠ ᠶᠢ | ᠪᠣᠳᠠᠲᠠᠶᠢᠵᠢᠭᠤᠯᠬᠤ᠂ ᠠᠵᠢᠯᠯᠠᠬᠤ ᠭᠤᠭᠴᠤᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠭᠤᠷᠪᠠ ᠳᠤ᠂ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠪᠠ᠃ ᠬᠤᠲᠠ ᠶᠢᠨ ᠪᠠᠩᠬᠢ ᠶᠢᠨ ᠡᠯ᠎ᠡ | ᠱᠤᠭᠤᠮ ᠤᠨ ᠰᠠᠯᠠᠭ᠎ᠠ ᠮᠥᠴᠢᠷ ᠤᠳ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠬᠠᠷᠢᠴᠠᠭᠤᠯᠤᠨ᠂ ᠰᠠᠯᠪᠤᠷᠢ ᠪᠠᠩᠬᠢ ᠶᠢ ᠵᠢᠯᠣᠭᠤᠳᠤᠨ | ᠵᠣᠭᠤᠰ ᠤᠬᠢᠶᠠᠬᠤ ᠶᠢ ᠡᠰᠡᠷᠭᠦᠴᠡᠬᠦ ᠲᠤᠬᠠᠶᠢᠯᠠᠭᠰᠠᠨ ᠠᠵᠢᠯ ᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠪᠠ ᠳᠠᠷᠦ᠋ᠢᠬᠠᠨ ᠬᠡᠷᠡᠭᠵᠢᠭᠦᠯᠵᠦ | ᠳᠠᠷᠦ᠋ᠢᠬᠠᠨ ᠥᠭᠡᠷᠡᠴᠢᠯᠡᠬᠦ ᠶᠢ ᠪᠥᠬᠦ ᠲᠠᠯ᠎ᠠ ᠪᠠᠷ ᠥᠷᠨᠢᠭᠦᠯᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠭᠦᠨᠵᠡᠭᠡᠶ ᠤᠶᠢᠯᠠᠭᠠᠨ ᠵᠢᠭᠰᠠᠭᠠᠵᠤ᠂ ᠪᠠᠭᠤᠷᠠᠶ | ᠭᠤᠭᠴᠤᠭ᠎ᠠ ᠪᠠ ᠳᠤᠲᠠᠭᠤᠳᠠᠯ ᠢ ᠵᠠᠰᠠᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ | ᠪᠠᠲᠤᠯᠠᠨ᠎ᠠ᠃ ᠲᠦᠷᠪᠡ ᠳᠤ᠂ ᠲᠦᠷᠢᠮ ᠤᠨ ᠰᠤᠷᠤᠯᠴᠠᠯᠭ᠎ᠠ ᠶᠢ ᠴᠢᠩᠭᠠᠳᠬᠠᠵᠤ᠂ ᠮᠥᠷᠳᠡᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠪᠠ᠃ | ᠪᠠᠶᠢᠩᠭᠤᠵᠢᠭᠤᠯᠤᠭᠰᠠᠨ ᠰᠤᠷᠤᠯᠴᠠᠵᠤ ᠳᠠᠮᠵᠢᠭᠤᠯᠬᠤ ᠲᠣᠭᠲᠠᠴᠠ ᠶᠢ ᠪᠠᠶᠢᠭᠤᠯᠵᠤ᠂ ᠵᠣᠴᠢᠨ ᠵᠢᠴᠢ ᠲᠤᠬᠠᠶᠢᠯᠠᠭᠰᠠᠨ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠴᠠᠭᠠᠯᠲᠠ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ ᠪᠣᠯᠪᠠᠰᠤᠷᠠᠯ | ᠥᠷᠨᠢᠭᠦᠯᠦᠨ᠎ᠡ᠃ ᠬᠢᠨᠠᠨ ᠬᠠᠮᠢᠶᠠᠷᠬᠤ ᠱᠠᠭᠠᠷᠳᠠᠯᠭ᠎ᠠ ᠶᠣᠰᠣᠭᠠᠷ ᠥᠪᠡᠰᠦᠪᠡᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠷᠤᠮᠵᠢᠯ ᠢ | ᠥᠷᠨᠢᠭᠦᠯᠵᠦ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠠᠳᠠᠯᠢ ᠴᠢᠨᠠᠷ ᠤᠨ ᠠᠳᠠᠯᠢ ᠲᠥᠷᠥᠯ ᠤᠨ ᠠᠰᠠᠭᠤᠳᠠᠯ ᠤᠨ ᠦᠨᠳᠦᠰᠦ ᠰᠤᠷᠪᠤᠯᠵᠢ ᠶᠢᠨ ᠴᠢᠨᠠᠷᠲᠠᠶ | ᠴᠡᠭᠴᠡᠯᠡᠨ ᠰᠠᠶᠢᠵᠢᠷᠠᠭᠤᠯᠬᠤ ᠶᠢ ᠥᠷᠨᠢᠭᠦᠯᠵᠦ᠂ ᠵᠣᠭᠤᠰ ᠤᠬᠢᠶᠠᠬᠤ ᠲᠦᠭᠰᠢᠭᠦᠷᠢ ᠶᠢ ᠰᠡᠷᠭᠡᠶᠢᠯᠡᠨ᠂ ᠬᠢᠨᠠᠨ ᠬᠠᠮᠢᠶᠠᠷᠴᠤ ᠰᠢᠢᠳᠬᠡᠨ ᠲᠣᠷᠭᠠᠬᠤ ᠠᠴᠠ ᠵᠠᠶᠢᠯᠠᠰᠬᠢᠨ᠎ᠡ᠃ |