4 ᠰᠠᠷ᠎ᠠ ᠶᠢᠨ 16 ᠠᠴᠠ 17 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠢᠯᠢ ᠶᠢᠨ | ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ ᠤᠨ ᠲᠤᠬᠠᠢ | ᠪᠠᠶᠢᠴᠠᠭᠠᠨ ᠰᠤᠳᠤᠯᠪᠠ᠃ | ᠰᠦᠨ ᠱᠤᠤ ᠴᠧᠩ ᠤᠷᠢᠳ ᠬᠤᠵᠢᠳ ᠰᠢᠯᠤᠭᠤᠨ ᠬᠥᠬᠡ ᠬᠤᠰᠢᠭᠤᠨ ᠤ ᠠᠯᠲᠠᠲᠠᠢ ᠭᠠᠴᠠᠭᠠᠨ ᠤ ᠲᠦᠷᠦᠯ ᠵᠦᠢᠯ ᠤᠨ ᠲᠣᠭᠤᠷᠢᠭ ᠪᠣᠯᠣᠨ ︽5•1︾ | ᠮᠠᠯᠵᠢᠯ ᠤᠨ ᠲᠠᠯᠠᠪᠠᠢ ᠶᠢᠨ ᠲᠦᠷᠦᠯ ᠵᠦᠢᠯ ᠤᠨ ᠲᠣᠭᠤᠷᠢᠭ ᠲᠤ ᠬᠦᠷᠴᠦ᠂ ᠡᠯᠡᠰᠦᠷᠬᠡᠭ ᠭᠠᠵᠠᠷ ᠢ ᠵᠠᠰᠠᠭᠰᠠᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ | ᠡᠯᠡᠰᠦ ᠶᠢ ᠵᠠᠰᠠᠬᠤ ᠲᠤᠬᠠᠢ ᠶᠢᠨ ᠲᠠᠯᠠᠪᠠᠢ ᠶᠢᠨ ᠺᠠᠳ᠋ᠷ ᠤᠯᠠᠨ ᠲᠦᠮᠡᠨ ᠲᠠᠢ ᠭᠦᠨᠵᠡᠭᠡᠢ ᠶᠠᠷᠢᠯᠴᠠᠪᠠ᠃ ᠲᠡᠷᠡ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ | ᠪᠣᠯ ᠮᠠᠨ ᠤ ᠣᠷᠣᠨ ᠤ ᠨᠡᠶᠢᠰᠯᠡᠯ ᠠᠴᠠ ᠬᠠᠮᠤᠭ ᠤᠨ ᠣᠶᠢᠷ᠎ᠠ ᠪᠠᠶᠢᠭ᠎ᠠ ᠡᠯᠡᠰᠦᠨ ᠤ ᠡᠬᠢ ᠶᠢᠨ ᠭᠠᠵᠠᠷ ᠪᠣᠯᠣᠨ᠎ᠠ᠃ ᠪᠣᠭᠤᠮᠲᠠ ᠰᠢᠪᠲᠤᠯᠬᠤ ᠪᠠᠶᠢᠳᠠᠯ ᠢᠶᠠᠨ | ᠪᠠᠲᠤᠯᠠᠵᠤ᠂ ᠵᠠᠰᠠᠯᠲᠠ ᠶᠢᠨ ᠠᠬᠢᠴᠠ ᠪᠠᠨ ᠲᠦᠷᠭᠡᠳᠬᠡᠵᠦ᠂ ᠨᠢᠭᠡ ᠯᠡ ᠠᠮᠢᠰᠬᠤᠭ᠎ᠠ ᠪᠠᠷ ᠠᠵᠢᠯᠯᠠᠵᠤ᠂ ᠰᠥᠨᠥᠭᠡᠵᠦ ᠳᠡᠶᠢᠯᠭᠦ ᠡᠯᠡᠰᠦᠷᠬᠡᠭ ᠭᠠᠵᠠᠷ ᠢ ᠲᠦᠷᠭᠡᠨ | ᠰᠥᠨᠥᠭᠡᠬᠦ ᠬᠡᠷᠡᠭᠲᠡᠢ᠃ ᠡᠯᠡᠰᠦᠷᠬᠡᠭ ᠭᠠᠵᠠᠷ ᠢ ᠵᠠᠰᠠᠬᠤ ᠪᠠ ᠨᠤᠲᠤᠭ ᠪᠡᠯᠴᠢᠭᠡᠷ ᠢ ᠬᠠᠮᠠᠭᠠᠯᠠᠬᠤ ᠶᠢ ᠨᠢᠭᠲᠠ ᠤᠶᠠᠯᠳᠤᠭᠤᠯᠵᠤ᠂ ᠰᠢᠰᠲ᠋ᠧᠮ ᠲᠠᠢ ᠪᠠᠶᠢᠷᠢᠰᠢᠭᠤᠯᠵᠤ᠂ | ᠪᠦᠬᠦᠯᠢ ᠴᠣᠭᠴᠠ ᠪᠠᠷ ᠠᠬᠢᠭᠤᠯᠵᠤ᠂ ᠶᠡᠷᠦᠩᠬᠡᠶᠢᠯᠡᠭᠰᠡᠨ ᠦᠷ᠎ᠡ ᠠᠰᠢᠭ ᠢ ᠬᠠᠮᠤᠭ ᠤᠨ ᠶᠡᠭᠡ ᠪᠤᠯᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃ ᠰᠦᠨ ᠱᠤᠤ ᠴᠧᠩ | ᠪᠠᠰᠠ ᠱᠠᠩᠳᠤ ᠪᠠᠯᠭᠠᠰᠤᠨ ᠤ ᠴᠡᠩᠭᠡᠯᠲᠦ ᠭᠠᠴᠠᠭᠠᠨ ᠤ ᠮᠠᠯᠴᠢᠨ ᠡᠷᠦᠭᠡ ᠳᠤ ᠬᠦᠷᠴᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠪᠠ᠃ | 17 ᠤ ᠦᠳᠡ ᠶᠢᠨ ᠡᠮᠦᠨ᠎ᠡ᠂ ᠰᠢᠯᠢ ᠶᠢᠨ ᠭᠤᠣᠯ ᠠᠶᠢᠮᠠᠭ ᠪᠣᠯᠣᠨ ᠰᠢᠯᠤᠭᠤᠨ ᠬᠥᠬᠡ ᠬᠤᠰᠢᠭᠤᠨ ᠤ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠦᠨ ᠱᠤᠤ ᠴᠧᠩ᠂ ᠰᠢᠯᠢ ᠶᠢᠨ ᠭᠤᠣᠯ ᠠᠶᠢᠮᠠᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠳᠠ ᠠᠴᠠ ᠥᠭᠡᠷ᠎ᠡ ᠬᠡᠨ ᠡᠭᠦᠷᠭᠡᠯᠡᠵᠦ ᠲᠡᠶᠢᠯᠭᠦ ᠪᠤᠢ ᠭᠡᠬᠦ ᠡᠷᠴᠢ ᠵᠣᠷᠢᠭ ᠢᠶᠠᠷ | ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠡᠨᠡ ᠬᠦ ᠥᠷᠭᠡᠨ ᠠᠭᠤᠳᠠᠮ ᠲᠠᠯ᠎ᠠ ᠨᠤᠲᠤᠭ ᠢ ᠦᠨᠡᠨ ᠬᠦ | ᠰᠠᠶᠢᠲᠤᠷ ᠬᠠᠮᠠᠭᠠᠯᠠᠬᠤ ᠬᠡᠷᠡᠭᠲᠡᠢ᠃ ᠡᠯᠡᠰᠦ ᠶᠢ ᠵᠠᠰᠠᠬᠤ ᠠᠵᠢᠯ ᠢ ᠲᠦᠷᠭᠡᠨ ᠪᠥᠭᠡᠳ ᠴᠢᠨᠠᠷ ᠢ ᠪᠠᠲᠤᠯᠠᠨ ᠠᠬᠢᠭᠤᠯᠵᠤ᠂ ᠲᠤᠬᠠᠢ ᠶᠢᠨ ᠭᠠᠵᠠᠷ ᠠᠴᠠ ᠮᠠᠲ᠋ᠧᠷᠢᠶᠠᠯ | ᠠᠪᠬᠤ ᠶᠢ ᠴᠢᠩᠭᠠᠳᠬᠠᠨ᠂ ᠠᠷᠭ᠎ᠠ ᠪᠦᠭᠦᠨ ᠢ ᠰᠦᠪᠡᠭᠴᠢᠯᠡᠵᠦ ᠡᠯᠡᠰᠦ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠡᠯᠡᠰᠦ ᠶᠢ ᠵᠠᠰᠠᠬᠤ᠂ ᠮᠠᠰᠢᠨ ᠢᠶᠠᠷ ᠡᠯᠡᠰᠦ ᠶᠢ ᠵᠠᠰᠠᠬᠤ ᠶᠢ ᠶᠡᠭᠡ ᠪᠠᠷ ᠳᠡᠯᠭᠡᠷᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠷᠭᠤᠮᠠᠯ ᠤᠨ | ᠬᠤᠴᠢᠯᠭ᠎ᠠ ᠶᠢᠨ ᠲᠦᠷᠦᠯ ᠭᠡᠯᠪᠡᠷᠢ ᠪᠣᠯᠣᠨ ᠨᠢᠭᠲᠠᠴᠠ ᠶᠢ ᠵᠣᠬᠢᠰᠲᠠᠢ ᠲᠣᠬᠢᠷᠠᠭᠤᠯᠤᠨ᠂ ᠴᠢᠬᠢ ᠮᠣᠳᠣᠨ ᠤ ᠡᠳᠡᠭᠡᠷᠡᠯᠲᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠨᠢᠭᠡ | ᠬᠡᠰᠡᠭ ᠢ ᠵᠠᠰᠠᠪᠠᠯ ᠲᠡᠷᠡ ᠬᠡᠰᠡᠭ ᠲᠤ ᠦᠷ᠎ᠡ ᠪᠦᠲᠦᠮᠵᠢ ᠭᠠᠷᠭᠠᠵᠤ ᠨᠣᠭᠤᠭᠠᠷᠠᠭᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠴᠤᠬᠤᠶᠢᠮᠠᠬᠴᠠ ᠴᠣᠬᠢᠯᠲᠠ ᠥᠭᠬᠦ ᠶᠢ | ᠪᠠᠷᠢᠮᠲᠠᠯᠠᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠰᠦᠢᠳᠬᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ | ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠵᠤ᠂ ᠡᠯ᠎ᠡ ᠲᠦᠷᠦᠯ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠳᠦᠷᠢᠮᠵᠢᠭᠦᠯᠦᠨ ᠣᠯᠭᠤᠵᠤ᠂ | ᠥᠴᠥᠬᠡᠨ ᠴᠦ ᠨᠠᠶᠢᠷ ᠬᠠᠶᠠᠬᠤ ᠦᠭᠡᠢ ᠪᠠᠷ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠨᠢᠭᠡᠳᠦᠯᠲᠡᠢ | ᠲᠥᠯᠥᠪᠵᠢᠭᠦᠯᠬᠦ ᠪᠠᠨ ᠴᠢᠩᠭᠠᠳᠬᠠᠵᠤ᠂ ᠵᠠᠭᠪᠤᠷ ᠤᠨ ᠰᠢᠨ᠎ᠡ ᠶᠢ ᠡᠭᠦᠳᠴᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ | ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ︽ᠬᠡᠨ ᠵᠠᠰᠠᠪᠠᠯ ᠬᠡᠨ ᠠᠰᠢᠭ ᠭᠦᠷᠳᠡᠭᠦ︾ ᠨᠡᠩ ᠤᠯᠠᠨ | ᠪᠣᠳᠠᠲᠠᠢ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠮᠠᠯᠴᠢᠨ | ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠶᠢ ᠨᠡᠩ ᠰᠠᠶᠢᠲᠤᠷ ᠳᠠᠶᠢᠴᠢᠯᠠᠬᠤ ᠬᠡᠷᠡᠭᠲᠡᠢ᠃ ᠡᠪᠡᠰᠦᠨ ᠤ ᠠᠵᠤ ᠦᠢᠯᠡᠰ ᠢ ᠤᠯᠠᠮ ᠨᠢᠭᠡ ᠠᠯᠬᠤᠮ | ᠪᠤᠵᠠᠭᠠᠶᠢᠷᠠᠭᠤᠯᠵᠤ᠂ ᠡᠯᠡᠰᠦᠨ ᠤ ᠠᠵᠤ ᠦᠢᠯᠡᠰ ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠭᠰᠠᠨ ᠦᠯᠢᠭᠡᠷ ᠢ ᠰᠠᠶᠢᠲᠤᠷ ᠶᠠᠷᠢᠵᠤ᠂ ᠨᠡᠩ ᠤᠯᠠᠨ ᠡᠬᠢ ᠪᠠᠶᠠᠯᠢᠭ ᠪᠠ ᠬᠦᠴᠦᠨ ᠢ ᠲᠠᠲᠠᠵᠤ ᠮᠠᠨ ᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠠᠵᠢᠯ ᠦᠢᠯᠡᠰ ᠲᠤ ᠣᠷᠣᠯᠴᠠᠭᠤᠯᠬᠤ ᠬᠡᠷᠡᠭᠲᠡᠢ ᠭᠡᠵᠡᠢ᠃ | ᠰᠦᠨ ᠱᠤᠤ ᠴᠧᠩ ᠪᠠᠰᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯᠣᠨ | ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠲᠡᠮᠵᠢᠨ ᠬᠠᠮᠵᠢᠯᠴᠠᠬᠤ ᠲᠤᠬᠠᠢ ᠱᠠᠭᠠᠷᠳᠠᠯᠭ᠎ᠠ ᠳᠤᠷᠠᠳᠴᠠᠢ᠃ | ᠢᠦᠢ ᠯᠢ ᠰᠢᠨ᠂ ᠵᠠᠩ ᠪᠠᠢ ᠴᠧᠩ ᠠᠵᠢᠯᠯᠠᠭ᠎ᠠ ᠳᠤ ᠣᠷᠣᠯᠴᠠᠪᠠ᠃ | | | |