4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ︽ᠦᠨᠡᠨ︾ | ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠤᠶ᠎ᠠ︾ ᠭᠡᠬᠦ ᠴᠢᠬᠤᠯᠠ | ᠵᠣᠬᠢᠶᠠᠯ ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃ | ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠪᠠᠷ ᠶᠡᠷᠦᠩᠬᠡᠢ ᠭᠠᠷᠳᠠᠴᠠ ᠪᠤᠯᠭᠠᠵᠤ᠂ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠪᠦᠭᠦ ᠤᠯᠤᠰ ᠤᠨ ᠳᠡᠭᠡᠳᠦ ᠲᠦᠪᠰᠢᠨ ᠲᠡᠶᠢᠰᠢ | ᠤᠷᠤᠭᠰᠢᠯᠠᠬᠤ ᠶᠢ ᠠᠬᠢᠭᠤᠯᠵᠤ᠂ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠰᠣᠶᠣᠯ ᠤᠨ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠤᠳᠬ᠎ᠠ ᠤᠷᠠᠯᠢᠭ ᠤᠨ ᠬᠦᠷᠢᠶᠡᠯᠡᠩ | ᠪᠦᠯᠭᠦᠮ ᠤᠨ ᠦᠵᠡᠯ ᠰᠠᠨᠠᠭ᠎ᠠ ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠵᠣᠬᠢᠶᠠᠨ ᠪᠦᠲᠦᠭᠡᠬᠦ ᠶᠠᠰᠤ ᠴᠢᠨᠠᠷ ᠪᠠ ᠡᠵᠡᠩᠨᠡᠯᠲᠡ ᠶᠢᠨ ᠦᠷ᠎ᠡ | ᠠᠰᠢᠭ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠭᠦ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠬᠤᠳᠠ ᠪᠣᠯᠣᠨ ᠬᠥᠳᠡᠭᠡ ᠲᠣᠰᠬᠤᠨ ᠤ ᠰᠣᠶᠣᠯ ᠤᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠳᠦᠰᠦᠨ ᠱᠠᠲᠤᠨ ᠤ ᠰᠢᠯᠢᠳᠡᠭ ᠰᠣᠶᠣᠯ ᠤᠨ ᠡᠬᠢ ᠪᠠᠶᠠᠯᠢᠭ ᠤᠨ ᠬᠠᠩᠭᠠᠯᠭ᠎ᠠ ᠶᠢ | ᠨᠡᠮᠡᠭᠳᠡᠭᠦᠯᠵᠦ᠂ ᠪᠦᠭᠦ ᠨᠡᠶᠢᠭᠡᠮ ᠤᠨ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ᠃ ᠤᠯᠠᠭᠠᠨᠮᠥ᠋ᠴᠢᠷ ᠵᠡᠷᠭᠡ ᠦᠨᠳᠦᠰᠦᠨ ᠱᠠᠲᠤᠨ ᠤ ᠤᠳᠬ᠎ᠠ | ᠤᠷᠠᠯᠢᠭ ᠤᠨ ᠡᠩᠨᠡᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠠᠷᠠᠳ ᠲᠤ ᠠᠰᠢᠭ ᠬᠦᠷᠲᠡᠭᠡᠵᠦ | ᠠᠷᠠᠳ ᠲᠤ ᠬᠠᠷᠠᠭᠠᠯᠵᠠᠯ ᠦᠵᠡᠭᠦᠯᠭᠦ ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠵᠤ᠂ ᠥᠷᠭᠡᠨ ᠣᠯᠠᠨ ᠲᠦᠮᠡᠨ ᠳᠤ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ | ᠰᠠᠶᠢᠨ ᠢ ᠮᠡᠳᠡᠭᠦᠯᠬᠦ ᠬᠡᠷᠡᠭᠲᠡᠢ᠃ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠨ ᠤᠯᠠᠮᠵᠢᠯᠠᠬᠤ ᠪᠣᠯᠣᠨ ᠵᠦᠢ ᠵᠣᠬᠢᠰᠲᠠᠢ ᠨᠡᠭᠡᠭᠡᠨ ᠠᠰᠢᠭᠯᠠᠬᠤ ᠶᠢ | ᠴᠢᠩᠭᠠᠳᠬᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠷᠭᠢᠨ ᠲᠣᠭᠤᠷᠢᠨ ᠤ ᠤᠯᠤᠰ ᠪᠣᠯᠣᠨ ᠭᠠᠵᠠᠷ | ᠣᠷᠣᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠥᠪᠥᠷ ᠮᠣᠩᠭᠤᠯ ᠢᠶᠠᠷ ᠴᠣᠩᠬᠤ ᠪᠤᠯᠭᠠᠵᠤ ᠳᠤᠮᠳᠠᠳᠤ ᠤᠯᠤᠰ ᠤᠨ ᠵᠣᠷᠢᠯᠲᠠ ᠶᠢ ᠨᠡᠩ | ᠰᠠᠶᠢᠲᠤᠷ ᠤᠬᠠᠭᠤᠯᠤᠨ ᠲᠠᠨᠢᠯᠴᠠᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠵᠤ᠂ ᠳᠤᠮᠳᠠᠳᠤ ᠤᠯᠤᠰ ᠤᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠭᠡᠵᠦ | ᠴᠢᠬᠤᠯᠠᠴᠢᠯᠠᠵᠠᠢ᠃ | ᠬᠤᠷᠠᠯ ᠠᠴᠠ᠂ ᠨᠢᠳᠤᠨᠤᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠯᠢ ᠣᠯᠠᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠪᠠ᠃ ᠡᠯ᠎ᠡ ᠱᠠᠲᠤᠨ ᠤ ᠬᠢᠨ ᠤᠯᠤᠰ ᠲᠦᠷᠦ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠯ᠎ᠠ ᠠᠴᠠ ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠨᠡᠩ | ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ᠃ ᠲᠥᠰᠥᠯ᠂ ᠨᠠᠶᠢᠳᠠᠪᠤᠷᠢᠵᠢᠭᠤᠯᠤᠯᠲᠠ᠂ ᠱᠠᠯᠠᠪᠳᠠᠭᠤᠯᠤᠨ ᠪᠠᠶᠢᠴᠠᠭᠠᠯᠲᠠ᠂ ᠦᠷ᠎ᠡ ᠳ᠋ᠦᠩ᠂ ᠱᠠᠩᠨᠠᠵᠤ | ᠲᠣᠷᠭᠠᠬᠤ ᠠᠴᠠ ᠭᠠᠷᠳᠠᠵᠤ ᠪᠦᠭᠦ ᠬᠡᠯᠬᠢᠶ᠎ᠡ ᠪᠠᠷ ᠥᠭᠡᠷᠡᠴᠢᠯᠡᠯᠲᠡ ᠶᠢ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ | ᠳᠡᠭᠡᠭᠰᠢᠯᠡᠭᠦᠯᠭᠦ ᠬᠡᠷᠡᠭᠲᠡᠢ᠃ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠢᠨ᠎ᠡ ᠬᠠᠨᠳᠤᠰᠢ ᠰᠢᠨ᠎ᠡ | ᠪᠠᠶᠢᠳᠠᠯ ᠰᠢᠨ᠎ᠡ ᠡᠭᠦᠷᠭᠡ ᠳᠤ ᠰᠠᠭᠤᠷᠢᠯᠠᠨ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ | ᠰᠤᠷᠲᠠᠯ ᠢ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ᠂ ᠵᠣᠷᠢᠭᠲᠠᠢ ᠪᠠᠷ ᠠᠰᠠᠭᠤᠳᠠᠯ ᠳᠤ | ᠰᠢᠭᠤᠳ ᠬᠠᠨᠳᠤᠵᠤ᠂ ᠪᠣᠳᠠᠲᠠᠢ ᠠᠰᠠᠭᠤᠳᠠᠯ ᠨᠤᠭᠤᠳ ᠠᠴᠠ ᠡᠬᠢᠯᠡᠨ ᠥᠭᠡᠷᠡᠴᠢᠯᠡᠬᠦ ᠶᠢ ᠪᠠᠷᠢᠮᠲᠠᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠴᠢᠭᠯᠡᠭᠦᠯᠦᠨ | ᠥᠭᠡᠷᠡᠴᠢᠯᠡᠯᠲᠡ ᠶᠢᠨ ᠰᠡᠳᠬᠢᠮᠵᠢ ᠶᠢ ᠲᠥᠯᠥᠪᠵᠢᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠤᠢ ᠪᠤᠯᠭᠠᠬᠤ ᠬᠡᠷᠡᠭᠲᠡᠢ᠃ ᠥᠭᠡᠷᠡᠴᠢᠯᠡᠯᠲᠡ ᠶᠢᠨ ᠳᠤᠮᠳᠠᠬᠢ | ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠭᠦᠨᠵᠡᠭᠡᠢ ᠳ᠋ᠦᠩᠨᠡᠵᠦ᠂ ᠴᠠᠭ ᠲᠤᠬᠠᠢ ᠳᠤᠨᠢ ᠳᠡᠯᠭᠡᠷᠡᠭᠦᠯᠵᠦ᠂ ᠨᠠᠩ ᠣᠯᠠᠨ ︽ᠴᠢᠬᠢ ᠮᠣᠳᠣ︾ ᠶᠢ ︽ᠣᠶ ᠰᠢᠭᠤᠢ︾ | ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠰᠢᠰᠲ᠋ᠧᠮᠳᠤ ᠦᠵᠡᠯᠲᠡ ᠪᠣᠯᠣᠨ ᠪᠦᠭᠦ ᠲᠠᠯ᠎ᠠ ᠶᠢᠨ ᠦᠵᠡᠯ ᠤᠬᠠᠮᠰᠠᠷ ᠢᠶᠠᠨ ᠨᠡᠮᠡᠭᠳᠡᠭᠦᠯᠵᠦ᠂ | ᠥᠭᠡᠷᠡᠴᠢᠯᠡᠯᠲᠡ ᠶᠢᠨ ᠶᠡᠭᠡ ᠲᠠᠯ᠎ᠠ ᠳᠤ ᠤᠬᠠᠮᠰᠠᠷ ᠠᠴᠠ ᠪᠠᠨ ᠦᠢᠯᠡᠴᠢᠯᠡᠵᠦ᠂ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ | ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠰᠢᠯᠭᠠᠷᠠᠭᠤᠯᠤᠨ ᠬᠥᠬᠢᠭᠦᠯᠬᠦ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |