ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠰᠦᠨ ᠱᠤᠤ ᠴᠧᠩ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2025/4/21
    4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠰᠤᠷᠤᠯᠴᠠᠯᠭ᠎ᠠ ᠳᠡᠭᠡᠷ᠎ᠡ᠂ ᠲᠥᠪ ᠤᠨ ᠨᠠᠮ ᠤᠨ ᠲᠡᠦᠬᠡ ᠰᠤᠳᠤᠯᠬᠤ ᠲᠠᠰᠤᠭ ᠤᠨ ᠤᠤᠯ ᠤᠨ ᠳᠡᠳ᠋ ᠡᠷᠭᠢᠯᠡᠭᠴᠢ ᠹᠧᠩ ᠵᠢᠶᠦ᠋ᠨ ᠤᠷᠢᠯᠭ᠎ᠠ ᠪᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃ ᠸᠠᠩ ᠯᠢ ᠰᠢᠶᠠ᠂ ᠯᠢᠦ ᠱᠤᠸᠠᠩ᠂ ᠪᠦᠦ ᠭᠠᠩ᠂ ᠯᠢ ᠢᠦᠢ ᠭᠠᠩ᠂ ᠬᠦᠦᠳᠠᠭᠤᠯᠠ᠂ ᠪᠦᠦ ᠰᠢᠶᠠᠨ ᠬᠤᠸᠠ ᠦᠭᠡ ᠬᠡᠯᠡᠪᠡ᠃    ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠢ ᠶᠤᠮ᠂ ᠪᠢᠳᠡ ᠨᠡᠪᠲᠡᠷᠬᠡᠢ ᠤᠩᠰᠢᠵᠤ ᠨᠠᠷᠢᠯᠢᠭ ᠤᠩᠰᠢᠵᠤ ᠰᠤᠳᠤᠯᠤᠨ ᠤᠩᠰᠢᠵᠤ᠂ ᠪᠠᠶᠢᠩᠭᠤ ᠰᠤᠷᠤᠯᠴᠠᠵᠤ ᠪᠠᠶᠢᠩᠭᠤ ᠰᠡᠳᠬᠢᠵᠦ ᠪᠠᠶᠢᠩᠭᠤ ᠣᠶᠢᠯᠠᠭᠠᠵᠤ᠂ ᠲᠡᠭᠦᠨ ᠤ ᠳᠣᠲᠣᠷᠠᠬᠢ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠪᠣᠯᠣᠨ ᠡᠷᠡᠰ ᠪᠠᠲᠤ ᠵᠣᠷᠢᠭ ᠢ ᠭᠦᠨᠵᠡᠭᠡᠢ ᠣᠶᠢᠯᠠᠭᠠᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠣᠶᠢᠷ᠎ᠠ ᠶᠢᠨ ᠬᠡᠳᠦᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠰᠤᠷᠲᠠᠯ ᠤᠨ ᠪᠠᠶᠢᠭᠤᠯᠤᠯᠲᠠ ᠶᠢᠨ ᠬᠠᠮ ᠠᠷᠭ᠎ᠠ ᠬᠡᠮᠵᠢᠶ᠎ᠡ ᠶᠢ ᠠᠪᠴᠤ᠂ ᠪᠦᠭᠦ ᠣᠷᠣᠨ ᠤ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠢᠯᠡᠳᠲᠡ ᠰᠠᠶᠢᠵᠢᠷᠠᠵᠤ᠂ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠢᠯᠡᠷᠬᠡᠢ ᠳᠡᠭᠡᠭᠰᠢᠯᠡᠭᠰᠡᠨ ᠪᠤᠯᠪᠠᠴᠤ ︽ᠳᠥᠷᠪᠡᠨ ᠰᠤᠷᠲᠠᠯ︾ ᠤᠨ ᠠᠰᠠᠭᠤᠳᠠᠯ ᠲᠠᠯᠳᠠ ᠪᠠᠷ ᠣᠨᠳᠣᠣᠰᠢᠵᠤ᠂ ᠶᠠᠩᠵᠤ ᠭᠡᠯᠪᠡᠷᠢ ᠨᠢ ᠰᠢᠨᠡᠳᠴᠦ᠂ ᠳᠠᠭᠢᠨ ᠰᠡᠷᠭᠦᠬᠦ ᠳᠠᠯᠳᠠ ᠭᠡᠮ ᠮᠥᠨ ᠬᠦ ᠪᠠᠭ᠎ᠠ ᠪᠤᠰᠤ ᠣᠷᠣᠰᠢᠵᠤ᠂ ᠰᠤᠷᠲᠠᠯ ᠢ ᠬᠤᠪᠢᠷᠠᠭᠤᠯᠬᠤ᠂ ᠰᠢᠨ᠎ᠡ ᠰᠤᠷᠲᠠᠯ ᠢ ᠪᠤᠶ ᠪᠤᠯᠭᠠᠬᠤ ᠡᠭᠦᠷᠭᠡ ᠪᠠᠰᠠ ᠮᠠᠰᠢ ᠬᠠᠲᠠᠭᠤ ᠪᠡᠷᠬᠡ ᠪᠠᠶᠢᠨ᠎ᠠ᠃ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ ᠭᠡᠬᠦ ᠰᠡᠷᠭᠡᠭ ᠲᠠᠨᠢᠯᠲᠠ ᠶᠢ ᠢᠮᠠᠭᠲᠠ ᠪᠠᠲᠤᠯᠠᠵᠤ᠂ ᠰᠤᠷᠲᠠᠯ ᠤᠨ ᠠᠷᠬᠠᠭ ᠭᠡᠮ ᠳᠤ ᠴᠥᠬᠦᠷᠡᠰᠢ ᠦᠭᠡᠢ ᠮᠡᠰᠡ ᠵᠠᠰᠠᠯ ᠬᠢᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠬᠤ ᠶᠢ ᠲᠣᠭᠤᠷᠢᠨ ᠪᠠᠶᠢᠴᠠᠭᠠᠯᠲᠠ ᠶᠢᠨ ᠬᠢᠨᠠᠯᠲᠠ ᠶᠢ ᠬᠦᠯᠢᠶᠡᠬᠦ ᠲᠠᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠵᠤ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠮᠥᠷᠲᠡᠭᠡᠨ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠴᠠᠭ ᠲᠤᠬᠠᠢ ᠳᠤᠨᠢ ᠣᠨᠣᠪᠴᠢᠲᠠᠢ ᠨᠠᠶᠢᠳᠠᠪᠤᠷᠢᠵᠢᠭᠤᠯᠵᠤ᠂ ︽1 + 1﹀ 2︾ ᠶᠢᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠵᠤ ᠰᠠᠬᠢᠯᠭ᠎ᠠ ᠪᠠᠲᠤ ᠬᠡᠷᠡᠭᠵᠢᠭᠦᠯᠬᠦ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠠᠭ᠎ᠠ ᠭᠠᠷᠭᠠᠬᠤ ᠶᠢ ᠵᠣᠷᠢᠭᠵᠢᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠳᠦᠷᠢᠮ ᠲᠣᠭᠲᠠᠭᠠᠯ ᠲᠣᠭᠲᠠᠭᠠᠬᠤ ᠳᠠᠭᠠᠨ ᠪᠣᠳᠠᠲᠠᠢ ᠠᠰᠠᠭᠤᠳᠠᠯ ᠢ ᠪᠣᠳᠠᠲᠠᠢ ᠵᠠᠳᠠᠯᠵᠤ᠂ ︽ᠨᠢᠭᠡ ᠲᠦᠯᠬᠢᠭᠦᠷ ᠢᠶᠠᠷ ᠨᠢᠭᠡ ᠣᠨᠢᠰᠤ ᠶᠢ ᠨᠡᠭᠡᠭᠡᠬᠦ︾ ᠶᠢ ᠴᠢᠷᠮᠠᠶᠢᠨ ᠪᠡᠶᠡᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠳᠤ ᠦᠷᠳᠡᠭ ᠤᠨ ᠤᠳᠤᠷᠢᠳᠤᠮᠵᠢ ᠶᠢ ᠵᠠᠯᠠᠷᠠᠭᠤᠯᠬᠤ᠂ ᠶᠠᠪᠤᠴᠠ ᠶᠢᠨ ᠭᠠᠷ ᠳᠦᠷᠦᠯᠲᠡ ᠶᠢ ᠪᠠᠭᠠᠰᠬᠠᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠠᠯᠳᠠ ᠢᠳᠡᠪᠬᠢᠵᠢᠯ ᠢ ᠲᠠᠶᠢᠴᠢᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠵᠣᠷᠢᠭᠲᠠᠢ ᠪᠠᠷ᠂ ᠦᠨᠡᠨ ᠪᠣᠳᠠᠲᠠᠢ ᠪᠠᠷ ᠠᠵᠢᠯᠯᠠᠬᠤ ᠪᠤᠯᠭᠠᠵᠤ᠂ ᠰᠤᠷᠲᠠᠯ ᠢ ᠠᠳᠬᠤᠨ ᠠᠵᠢᠯ ᠢ ᠠᠬᠢᠭᠤᠯᠬᠤ᠂ ᠠᠵᠢᠯ ᠢ ᠠᠳᠬᠤᠨ ᠰᠤᠷᠲᠠᠯ ᠢ ᠴᠢᠩᠭᠠᠳᠬᠠᠬᠤ ᠰᠠᠶᠢᠨ ᠣᠷᠴᠢᠯ ᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ ᠭᠡᠵᠦ ᠬᠡᠯᠡᠪᠡ᠃      
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ