4 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠭᠡᠨ ᠪᠥᠲᠥᠭᠡᠨ ᠪᠠᠶᠢᠭᠤᠯᠤᠶ᠎ᠡ︾ ᠭᠡᠬᠦ ᠴᠢᠬᠤᠯᠠ | ᠵᠤᠬᠢᠶᠠᠯ ᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠰᠣᠶᠣᠯ ᠤᠨ ᠪᠠᠶᠢᠭᠤᠯᠤᠯᠲᠠ ᠶᠢ ᠪᠥᠬᠦ ᠤᠯᠤᠰ ᠤᠨ ᠳᠡᠭᠡᠳᠦ | ᠲᠦᠪᠰᠢᠨ ᠲᠡᠶᠢᠰᠢ ᠠᠭᠢᠭᠤᠯᠬᠤ ᠬᠡᠷᠡᠭᠲᠡᠶ᠃ ᠤᠯᠠᠭᠠᠨᠮᠥ᠋ᠴᠢᠷ ᠵᠡᠷᠭᠡ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠡᠩᠨᠡᠭᠡ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠬᠤ ᠬᠡᠷᠡᠭᠲᠡᠶ᠃ | ᠲᠡᠦᠬᠡ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠰᠠᠨ︾ ᠰᠠᠭᠤᠷᠢᠨ ᠳᠡᠭᠡᠷ᠎ᠡ ᠰᠣᠶᠣᠯ | ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠭᠤᠣᠯ ᠰᠢᠵᠢᠮ ᠢ ᠡᠯ᠎ᠡ ᠵᠦᠢᠯ ᠤᠨ ᠠᠵᠢᠯ ᠳᠠᠭᠠᠨ ᠲᠤᠭᠤᠰᠢᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠴᠢᠩᠳᠠᠯᠠᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠶᠢᠨ ᠵᠢᠭᠰᠠᠭᠠᠯ ᠤᠨ ᠭᠠᠵᠠᠷ ᠢ ᠰᠠᠶᠢᠲᠤᠷ ᠰᠠᠬᠢᠨ ᠬᠠᠮᠢᠶᠠᠷᠬᠤ ᠬᠡᠷᠡᠭᠲᠡᠢ ᠭᠡᠵᠤ | ᠴᠢᠬᠤᠯᠠᠴᠢᠯᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 172 ᠳ᠋ᠤᠭᠠᠷ ᠬᠤᠷᠠᠯ ᠤᠨ ᠵᠣᠷᠢᠭ ᠰᠠᠨᠠᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠬᠦᠷᠢᠶᠡᠨ ᠳᠠᠬᠢ | ᠥᠭᠡᠷᠡᠴᠢᠯᠡᠯᠲᠡ ᠶᠢᠨ ᠡᠭᠦᠷᠭᠡ ᠶᠢ ᠠᠯᠢ ᠴᠢᠳᠠᠬᠤ ᠪᠠᠷ ᠲᠦᠷᠭᠡᠨ ᠠᠬᠢᠭᠤᠯᠵᠤ᠂ ᠪᠣᠭᠤᠮᠲᠠ ᠰᠢᠪᠲᠤᠯᠬᠤ ᠡᠷᠴᠢ ᠵᠣᠷᠢᠭ ᠢᠶᠠᠷ ᠬᠦᠴᠢᠷ ᠠᠰᠠᠭᠤᠳᠠᠯ ᠢ | ᠰᠢᠢᠳᠪᠦᠷᠢᠯᠡᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠲᠦᠷᠭᠡᠨ ᠤᠯᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠪᠠᠲᠤ ᠪᠤᠢ ᠪᠣᠯᠭᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ ᠠᠮᠤᠷ | ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢ ᠤᠳᠠᠭᠠᠰᠢᠷᠠᠭᠤᠯᠵᠤ | ᠪᠣᠯᠬᠤ ᠦᠭᠡᠢ᠂ ᠭᠦᠢᠴᠡᠳᠭᠡᠯ ᠲᠤᠭ᠎ᠠ ᠶᠢ ᠪᠠᠭᠤᠷᠠᠭᠤᠯᠵᠦ ᠪᠣᠯᠬᠤ ᠦᠭᠡᠢ᠂ ᠡᠭᠦᠷᠭᠡ ᠶᠢ ᠬᠠᠰᠤᠵᠤ ᠪᠣᠯᠬᠤ ᠦᠭᠡᠢ ᠪᠠᠶᠢᠬᠤ ᠶᠢ ᠪᠠᠷᠢᠮᠳᠠᠯᠠᠵᠦ᠂ ᠳᠡᠳ᠋ ᠲᠡᠷᠢᠭᠦᠯᠡᠭᠴᠢ | ᠨᠡᠷ ᠠᠵᠤ ᠠᠬᠤᠢ ᠶᠢᠨ ᠲᠤᠬᠢᠷᠠᠭᠤᠯᠤᠯᠲᠠ ᠶᠢ ᠴᠢᠩᠭ᠎ᠠ ᠠᠳᠬᠤᠵᠤ᠂ ᠭᠦᠢᠴᠡᠳᠭᠡᠯ ᠲᠤᠭ᠎ᠠ ᠶᠢ ᠨᠠᠷᠢᠨ ᠬᠤᠪᠢᠶᠠᠨ ᠨᠡᠪᠲᠡᠷᠬᠡᠢ ᠵᠠᠳᠠᠯᠵᠤ᠂ ︽ᠨᠢᠭᠡ ᠱᠤᠭᠤᠮ︾ ᠤᠨ | ᠲᠣᠭᠲᠡᠴᠡ ᠶᠣᠰᠣᠭᠠᠷ᠂ ᠶᠠᠮᠠᠷ ᠠᠰᠠᠭᠤᠳᠠᠯ ᠣᠷᠣᠰᠢᠵᠤ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠲᠠᠪᠤᠨ ᠶᠡᠭᠡ ᠡᠭᠦᠷᠭᠡ᠂ ᠵᠢᠷᠭᠤᠭᠠᠨ | ᠢᠨᠵᠧᠨᠧᠷᠢᠩ᠂ ᠵᠢᠷᠭᠤᠭᠠᠨ ᠠᠵᠢᠯᠯᠠᠭ᠎ᠠ ᠶᠢᠨ ᠣᠨ ᠤ ᠡᠭᠦᠷᠭᠡ ᠶᠢ ᠲᠦᠷᠭᠡᠪᠴᠢᠯᠡᠨ ᠠᠬᠢᠭᠤᠯᠵᠤ᠂ ᠢᠯᠠᠩᠭᠤᠶ᠎ᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ | ᠰᠠᠶᠢᠲᠤᠷ ᠥᠷᠨᠢᠭᠦᠯᠵᠦ᠂ ᠠᠵᠤ ᠠᠬᠤᠶᠢᠯᠠᠯ ᠬᠦᠴᠢᠷᠳᠡᠯ ᠲᠠᠢ ᠦᠶ᠎ᠡ ᠳᠤ ᠴᠠᠭ ᠲᠤᠬᠠᠢ ᠳᠤᠨᠢ ᠬᠠᠪᠰᠤᠷᠬᠤ ᠬᠡᠷᠡᠭᠲᠡᠢ᠃ ᠪᠠᠯᠠ ᠣᠷᠣᠭᠤᠯᠤᠯᠲᠠ ᠪᠠ ᠬᠡᠷᠡᠭᠯᠡᠭᠡ ᠶᠢ | ᠴᠢᠩᠭ᠎ᠠ ᠠᠳᠬᠤᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10% ᠣᠷᠴᠢᠮ ᠢᠶᠠᠷ ᠨᠡᠮᠡᠭᠳᠡᠭᠦᠯᠬᠦ ᠬᠠᠷᠠᠯᠲᠠ ᠶᠢ ᠵᠤᠷᠢᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠬᠡᠷᠡᠭᠯᠡᠭᠡ ᠶᠢ ᠦᠷᠭᠦᠯᠵᠢᠯᠡᠨ ᠠᠬᠢᠭᠤᠯᠵᠤ᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠳᠤ | ᠣᠷᠣᠭᠤᠯᠬᠤ ᠲᠠᠸᠠᠷ ᠢ ᠳᠠᠬᠢᠨ 6 ᠲᠥᠷᠥᠯ ᠨᠡᠮᠡᠭᠳᠡᠭᠦᠯᠬᠦ ᠬᠡᠷᠡᠭᠲᠡᠶ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ | ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠭᠡᠬᠦ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠶ᠃ ᠠᠰᠠᠭᠤᠳᠠᠯ ᠰᠶᠢᠳᠪᠦᠷᠢᠯᠡᠬᠦ ᠰᠡᠳᠭᠢᠬᠦᠶ ᠪᠠ ᠲᠠᠩᠰᠠ ᠲᠤᠰᠢᠶᠠᠬᠤ | ᠤᠬᠠᠮᠰᠠᠷ ᠢᠶᠠᠨ ᠴᠢᠩᠭᠠᠳᠬᠠᠵᠤ᠂ ᠰᠤᠷᠲᠠᠯ ᠢ ᠰᠠᠶᠢᠵᠢᠷᠠᠭᠤᠯᠬᠤ ᠲᠠᠯ᠎ᠠ ᠪᠠᠷ ᠦᠨᠡᠨ ᠪᠣᠳᠠᠲᠠᠶ ᠠᠵᠢᠯᠯᠠᠵᠤ᠂ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠶ ᠭᠡᠵᠤ ᠴᠢᠬᠤᠯᠠᠴᠢᠯᠠᠵᠠᠢ᠃ | | | |