︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ | ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ | ᠪᠣᠯᠣᠨ᠎ᠠ᠃ | ᠤᠳᠤᠷᠢᠳᠤᠯᠭ᠎ᠠ ᠶᠢᠨ ᠠᠵᠢᠯᠯᠠᠭ᠎ᠠ | ᠰᠦᠨ ᠱᠣᠤ ᠴᠧᠩ | ᠲᠥᠪ ᠤᠨ ᠲᠣᠭᠤᠷᠢᠨ ᠪᠠᠶᠢᠴᠠᠭᠠᠬᠤ ᠠᠷᠪᠠᠳᠤᠭᠠᠷ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠲᠣᠭᠤᠷᠢᠨ ᠪᠠᠶᠢᠴᠠᠭᠠᠬᠤ | ᠠᠵᠢᠯ ᠤᠨ ᠳᠠᠶᠢᠴᠢᠯᠠᠯᠲᠠ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ | ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠣᠶᠢᠷ᠎ᠠ ᠳᠤ᠂ ᠲᠥᠪ ᠤᠨ | ᠲᠣᠭᠤᠷᠢᠨ ᠪᠠᠶᠢᠴᠠᠭᠠᠬᠤ ᠠᠷᠪᠠᠳᠤᠭᠠᠷ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠠᠬᠢ ᠲᠣᠭᠤᠷᠢᠨ ᠪᠠᠶᠢᠴᠠᠭᠠᠬᠤ ᠠᠵᠢᠯ ᠤᠨ | ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠲᠥᠪ ᠤᠨ ᠲᠣᠭᠤᠷᠢᠨ ᠪᠠᠶᠢᠴᠠᠭᠠᠬᠤ ᠠᠷᠪᠠᠳᠤᠭᠠᠷ ᠳᠤᠭᠤᠶᠢᠯᠠᠩ ᠤᠨ ᠳᠠᠷᠤᠭ᠎ᠠ ᠴᠧᠨ ᠵᠠᠩ ᠶᠦᠩ ᠳᠠᠶᠢᠴᠢᠯᠠᠯᠲᠠ ᠶᠢᠨ | ᠶᠠᠷᠢᠶ᠎ᠠ ᠲᠠᠯᠪᠢᠵᠤ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠬᠤ ᠪᠠ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠠᠯ᠎ᠠ ᠪᠠᠷ ᠱᠠᠭᠠᠷᠳᠠᠯᠭ᠎ᠠ ᠳᠤᠷᠠᠳᠴᠠᠢ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠤ ᠴᠧᠩ ᠲᠣᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠰᠢᠯᠢ ᠶᠢᠨ ᠭᠤᠣᠯ ᠠᠶᠢᠮᠠᠭ ᠲᠤ ᠭᠦᠨᠵᠡᠭᠡᠶᠢᠷᠡᠨ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠵᠠᠰᠠᠬᠤ ᠠᠵᠢᠯ ᠢ ᠪᠠᠶᠢᠴᠠᠭᠠᠨ ᠰᠤᠳᠤᠯᠪᠠ | 4 ᠳ᠋ᠦ᠋ᠭᠡᠷ ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠤ ᠴᠧᠩ | ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠨ᠂ ᠬᠤᠯᠠᠨ ᠰᠢᠷᠭ᠎ᠠ ᠳᠠᠭ᠎ᠠ ᠶᠢᠨ ᠡᠯᠡᠰᠦ ᠶᠢ ᠵᠠᠰᠠᠬᠤ ᠠᠵᠢᠯ ᠳᠤ | ᠬᠤᠯᠪᠣᠭᠳᠠᠭᠤᠯᠤᠨ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃ ᠢᠦᠢ ᠯᠢ ᠰᠢᠨ᠂ ᠵᠠᠩ ᠪᠠᠢ ᠴᠧᠩ ᠨᠠᠷ ᠲᠣᠰ ᠠᠵᠢᠯᠯᠠᠭ᠎ᠠ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠪᠡ | 4 ᠳ᠋ᠦ᠋ᠭᠡᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ | ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠶ᠎ᠠ︾ | ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ | ᠠᠵᠢᠯ ᠤᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ | ᠪᠠᠶᠢᠷᠢᠯᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠲᠣᠰ ᠬᠤᠷᠠᠯ ᠢ ᠡᠷᠬᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠳᠥᠷᠪᠡᠳᠦᠭᠡᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ | 4 ᠳ᠋ᠦ᠋ᠭᠡᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠨᠢ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ ᠬᠠᠮᠲᠤ ᠪᠠᠷ ᠰᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ | ᠲᠣᠰ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠭᠰᠠᠨ ᠪᠠᠶᠢᠨ᠎ᠠ᠃ ᠬᠤᠷᠠᠯ ᠳᠡᠭᠡᠷ᠎ᠡ᠂ ᠲᠥᠪ ᠤᠨ ᠨᠠᠮ ᠤᠨ ᠲᠡᠦᠬᠡ ᠰᠤᠳᠤᠯᠬᠤ ᠲᠠᠰᠤᠭ ᠤᠨ ᠤᠤᠯ ᠤᠨ ᠳᠡᠳ᠋ | ᠡᠷᠬᠢᠯᠡᠭᠴᠢ ᠹᠧᠩ ᠵᠢᠶᠦ᠋ᠨ ᠤᠷᠢᠯᠭ᠎ᠠ ᠪᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠡᠢ᠃ ᠸᠠᠩ ᠯᠢ ᠰᠢᠶᠠ᠂ ᠯᠢᠦ ᠱᠤᠸᠠᠩ᠂ ᠪᠣᠤ ᠭᠠᠩ᠂ ᠯᠢ | ᠢᠦᠢ ᠭᠠᠩ᠂ ᠬᠦᠦᠳᠠᠭᠤᠯᠠ᠂ ᠪᠦᠦ ᠰᠢᠶᠠᠨ ᠬᠤᠸᠠ ᠨᠠᠷ ᠦᠭᠡ ᠬᠡᠯᠡᠪᠡ᠃ | 2 | ᠸᠠᠩ ᠯᠢ ᠰᠢᠶᠠ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ | 4 ᠳ᠋ᠦ᠋ᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃ | ᠲᠦᠷᠦ ᠶᠢᠨ ᠪᠣᠳᠣᠯᠭ᠎ᠠ ᠶᠢᠨ ᠨᠡᠶᠢᠲᠡᠯᠡᠯ | 1 | ︽ᠬᠠᠷᠠᠴᠢᠨ ᠬᠤᠰᠢᠭᠤᠨ ᠤ ᠸᠠᠩ ᠤᠨ ᠣᠷᠳᠣᠨ ᠤ ᠲᠡᠦᠬᠡ ᠰᠣᠶᠣᠯ ᠤᠨ ᠨᠠᠷᠠᠲᠤ ᠪᠠᠯᠭᠠᠰᠤ ᠶᠢ ᠬᠠᠮᠠᠭᠠᠯᠠᠬᠤ ᠲᠥᠯᠦᠪᠵᠢᠭᠦᠯᠭᠡ ︵2024 - 2035 ᠣᠨ | ︶︾ ᠶᠢᠨ ᠲᠤᠬᠠᠢ ᠴᠣᠬᠤᠯᠠᠪᠤᠷᠢ | ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠬᠠᠷᠠᠴᠢᠨ ᠬᠤᠰᠢᠭᠤᠨ ᠤ ᠸᠠᠩ ᠤᠨ | ᠣᠷᠳᠣᠨ ᠤ ᠲᠡᠦᠬᠡ ᠰᠣᠶᠣᠯ ᠤᠨ ᠨᠠᠷᠠᠲᠤ ᠪᠠᠯᠭᠠᠰᠤ ᠶᠢ ᠬᠠᠮᠠᠭᠠᠯᠠᠬᠤ ᠲᠥᠯᠦᠪᠵᠢᠭᠦᠯᠭᠡ ︵2024 - 2035 ᠣᠨ︶︾ ᠶᠢᠨ ᠴᠣᠬᠤᠯᠠᠪᠤᠷᠢ ︵ᠥᠪᠥᠷ ᠵᠠᠰᠠᠭ | ᠥᠰᠥᠭ ︹2025︺ 52 ᠳ᠋ᠤᠭᠠᠷ ᠲᠣᠭᠠᠲᠤ︶ ᠶᠢ ᠳᠠᠷᠤᠮᠠᠯᠯᠠᠨ ᠶᠠᠪᠤᠭᠤᠯᠪᠠ᠃ | 2 | ᠰᠣᠯᠣᠨ ᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠬᠦᠴᠦᠨ ᠤ ᠥᠷᠲᠡᠭᠡᠨ ᠤ ᠪᠦ᠋ᠳᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ | ᠬᠡᠪᠴᠢᠶᠡᠨ ᠳᠤ ᠪᠦ᠋ᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠬᠦ ᠪᠠ ᠬᠥᠮᠥᠨ ᠠᠮᠠ ᠨᠡᠭᠦᠯᠭᠡᠨ ᠣᠷᠣᠭᠤᠯᠬᠤ ᠶᠢ ᠴᠠᠭᠠᠵᠠᠯᠠᠬᠤ ᠲᠤᠬᠠᠢ | ᠮᠡᠳᠡᠭᠳᠡᠯ | ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠣᠯᠣᠨ ᠤ ᠤᠰᠤ ᠲᠠᠲᠠᠵᠤ ᠡᠨᠧᠷᠭᠢ | ᠬᠠᠳᠠᠭᠠᠯᠠᠬᠤ ᠴᠠᠬᠢᠯᠭᠠᠨ ᠬᠦᠴᠦᠨ ᠥᠷᠲᠡᠭᠡᠨ ᠤ ᠪᠦ᠋ᠳᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠬᠤ ᠬᠡᠪᠴᠢᠶᠡᠨ ᠳᠤ ᠪᠦ᠋ᠳᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠬᠦ ᠪᠠ ᠬᠥᠮᠥᠨ ᠠᠮᠠ ᠨᠡᠭᠦᠯᠭᠡᠨ ᠣᠷᠣᠭᠤᠯᠬᠤ ᠶᠢ ᠴᠠᠭᠠᠵᠠᠯᠠᠬᠤ ᠲᠤᠬᠠᠢ ᠮᠡᠳᠡᠭᠳᠡᠯ ︵ᠥᠪᠥᠷ ᠵᠠᠰᠠᠭ ᠥᠰᠥᠭ | ︹2025︺ 53 ᠳ᠋ᠤᠭᠠᠷ ᠲᠣᠭᠠᠲᠤ︶ ᠢ ᠳᠠᠷᠤᠮᠠᠯᠯᠠᠨ ᠶᠠᠪᠤᠭᠤᠯᠪᠠ᠃ ᠰᠣᠯᠣᠨ ᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠬᠦᠴᠦᠨ ᠦᠷᠲᠡᠭᠡ ᠪᠣᠯ | ᠥᠪᠡᠷᠲᠡᠭᠡᠨ ᠵᠠᠰᠠᠬᠤ ᠣᠷᠣᠨ ᠤ ᠤᠰᠤ ᠲᠠᠲᠠᠵᠤ ᠡᠨᠧᠷᠭᠢ ᠬᠠᠳᠠᠭᠠᠯᠠᠬᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠬᠤ ᠲᠥᠰᠥᠯ ᠳᠤ | ᠲᠣᠳᠣᠷᠬᠠᠶᠢᠯᠠᠭᠰᠠᠨ 2025 ᠣᠨ ᠳᠤ ᠭᠤᠣᠯᠳᠠᠯᠭ᠎ᠠ ᠲᠠᠢ ᠬᠡᠷᠡᠭᠵᠢᠭᠦᠯᠬᠦ ᠲᠦᠷᠦᠯ ᠵᠦᠢᠯ ᠪᠣᠯᠣᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ | ᠰᠢᠷᠣᠢ ᠲᠠᠲᠠᠪᠤᠷᠢᠯᠠᠬᠤ ᠪᠠ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠲᠣᠮᠣ | ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠲᠠᠲᠠᠪᠤᠷᠢᠯᠠᠭᠰᠠᠨ ᠳᠤ | ᠲᠥᠯᠥᠪᠦᠷᠢ ᠥᠭᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 679 ᠳ᠋ᠦ᠋ᠭᠡᠷ ᠲᠣᠭᠠᠲᠤ︶ ᠤᠨ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠵᠠᠷᠯᠠᠨ ᠮᠡᠳᠡᠭᠳᠡᠵᠦ ᠪᠠᠶᠢᠨ᠎ᠠ᠃ | | |