ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠢᠯᠠᠭᠤᠨ ᠲᠣᠰᠣ ᠶᠢ ᠰᠤᠭᠤᠴᠢᠨᠪᠠᠶᠢᠴᠠᠭᠠᠬᠤ ᠶᠢ ᠴᠢᠩᠭ᠎ᠠ ᠠᠳᠬᠤᠵᠤ ᠴᠢᠯᠠᠭᠤᠨ ᠲᠣᠰᠣᠨ ᠤ ᠠᠮᠣᠷ ᠲᠦᠪᠰᠢᠨ ᠢ ᠰᠠᠬᠢᠨ ᠬᠠᠮᠠᠭᠠᠯᠠᠵᠤ
ᠨᠡᠶᠢᠲᠡᠯᠡᠭᠰᠡᠨ ᠴᠠᠭ᠄
2025/4/24
    ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠭᠦᠢᠯᠭᠡᠭᠡᠨ ᠤ ᠭᠤᠭᠴᠤᠭ᠎ᠠ ᠶᠢᠨ ᠲᠣᠰᠣᠨ ᠤ ᠵᠦᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠢᠯᠠᠭᠤᠨ ᠲᠣᠰᠣᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠣᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠣᠨ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠮᠠᠰᠢᠨ ᠲᠡᠷᠭᠡᠨ ᠳᠤ ᠬᠡᠷᠡᠭᠯᠡᠬᠦ ᠴᠠᠶᠢᠶ᠋ᠢᠤ ᠪᠠ ᠮᠠᠰᠢᠨ ᠲᠡᠷᠭᠡᠨ ᠳᠤ ᠬᠡᠷᠡᠭᠯᠡᠬᠦ ᠡᠲ᠋ᠢᠯ ᠠᠯᠺᠣᠤᠯ ᠴᠢᠶ᠋ᠢᠦ ᠶᠢ ᠭᠤᠤᠯᠳᠠᠯᠭ᠎ᠠ ᠲᠠᠢ ᠪᠠᠶᠢᠴᠠᠭᠠᠪᠠ᠃    ᠰᠤᠭᠤᠴᠢᠨ ᠪᠠᠶᠢᠴᠠᠭᠠᠬᠤ ᠲᠤᠬᠠᠶ ᠶᠢᠨ ᠲᠠᠯᠠᠪᠤᠷ ᠲᠤ᠂ ᠬᠠᠤᠯᠢ ᠬᠡᠷᠡᠭᠵᠢᠭᠦᠯᠬᠦ ᠠᠵᠢᠯᠲᠠᠨ ᠪᠣᠯᠤᠨ ᠭᠤᠷᠪᠠᠳᠠᠬᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠠᠵᠢᠯᠲᠠᠨ ᠨᠢᠭᠲᠠ ᠬᠠᠮᠵᠢᠯᠴᠠᠵᠤ᠂ ᠵᠢᠷᠤᠮᠵᠢᠭᠰᠠᠨ ᠶᠠᠪᠤᠴᠠ ᠶᠢ ᠴᠢᠩᠭ᠎ᠠ ᠵᠢᠷᠤᠮᠯᠠᠨ ᠪᠠᠶᠢᠴᠠᠭᠠᠪᠠ ᠃ ᠨᠠᠷᠢᠯᠢᠭ ᠣᠨᠣᠴᠠᠲᠠᠶ ᠪᠠᠷ ᠥᠯᠢᠭᠡᠷ ᠡᠳ᠋ ᠢ ᠠᠪᠴᠤ᠂ ᠲᠤᠬᠠᠶ ᠶᠢᠨ ᠲᠠᠯᠠᠪᠤᠷ ᠲᠤ ᠬᠦᠷᠴᠦ ᠭᠠᠷ ᠤᠨ ᠥᠰᠥᠭ ᠵᠢᠷᠤᠵᠤ ᠨᠤᠲᠠᠯᠠᠬᠤ ᠂ ᠥᠯᠢᠭᠡᠷ ᠡᠳ᠋ ᠢ ᠨᠠᠷᠢᠨ ᠨᠢᠮᠪᠠᠶ ᠪᠢᠲᠡᠭᠦᠮᠵᠢᠯᠡᠨ ᠬᠠᠳᠠᠭᠠᠯᠠᠬᠤ ᠵᠡᠷᠭᠡ ᠭᠤᠭᠴᠤᠭ᠎ᠠ ᠨᠢᠭᠡᠪᠦᠷᠢ ᠳᠤ ᠴᠥᠮ ᠨᠠᠷᠢᠨ ᠨᠢᠮᠪᠠᠶ ᠬᠠᠨᠳᠣᠵᠣ᠂ ᠰᠤᠭᠤᠴᠢᠨ ᠪᠠᠶᠢᠴᠠᠭᠠᠬᠤ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠪᠠ᠃ ᠰᠤᠭᠤᠴᠢᠨ ᠪᠠᠶᠢᠴᠠᠭᠠᠬᠤ ᠬᠤᠭᠤᠴᠠᠭᠠᠨ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠲᠣᠰᠣ ᠨᠡᠮᠡᠬᠦ ᠥᠷᠲᠡᠭᠡ ᠶᠢᠨ ᠡᠵᠡᠩᠨᠡᠯᠲᠡ ᠶᠢᠨ ᠦᠨᠡᠮᠯᠡᠯ᠂ ᠠᠶᠤᠯᠲᠠᠶ ᠬᠢᠮᠢ ᠶᠢᠨ ᠵᠦᠢᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠵᠡᠷᠭᠡ ᠬᠠᠮᠢᠶ᠎ᠠ ᠪᠥᠬᠦᠶ ᠦᠨᠡᠮᠯᠡᠯ ᠢ ᠨᠠᠷᠢᠨ ᠨᠢᠮᠪᠠᠶ ᠬᠢᠨᠠᠨ ᠪᠠᠶᠢᠴᠠᠭᠠᠵᠤ᠂ ᠪᠠᠷᠠᠭ᠎ᠠ ᠣᠷᠣᠭᠤᠯᠬᠤ ᠪᠠ ᠪᠣᠷᠣᠯᠠᠭᠤᠯᠬᠤ ᠡᠬᠡ ᠲᠠᠩᠰᠠ ᠶᠢ ᠬᠢᠨᠠᠮᠠᠭᠠᠶ ᠪᠠᠶᠢᠴᠠᠭᠠᠨ ᠦᠵᠡᠵᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠪᠠᠶᠢᠴᠠᠭᠠᠬᠤ ᠶᠢᠨ ᠬᠠᠮᠲᠤ᠂ ᠡᠵᠡᠩᠨᠡᠯᠲᠡ ᠶᠢᠨ ᠡᠷᠦᠬᠡ ᠳᠤ ᠦᠢᠯᠡᠳᠬᠦᠨ ᠤ ᠶᠠᠰᠤ ᠴᠢᠨᠠᠷ ᠤᠨ ᠬᠠᠤᠯᠢ ᠵᠡᠷᠭᠡ ᠬᠠᠤᠯᠢ ᠲᠣᠭᠲᠠᠭᠠᠯ ᠢ ᠢᠳᠡᠪᠬᠢᠲᠡᠶ ᠲᠦᠭᠡᠮᠡᠯᠵᠢᠭᠦᠯᠵᠦ᠂ ᠲᠡᠳᠡᠨ ᠤ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠶ ᠡᠵᠡᠩᠨᠡᠬᠦ ᠶᠢ ᠱᠠᠯᠠᠪᠳᠠᠭᠤᠯᠪᠠ᠃    ᠲᠠᠷᠠᠭᠠᠴᠢ ᠶᠢᠨ ᠠᠯᠬᠤᠮ ᠳᠤ᠂ ᠤᠷᠠᠳ ᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠴᠢᠩᠭ᠎ᠠ ᠠᠩᠬᠠᠷᠴᠤ᠂ ᠮᠡᠳᠡᠭᠦᠯᠦᠯᠲᠡ ᠭᠠᠷᠭᠠᠭᠰᠠᠨ ᠤ ᠳᠠᠷᠠᠭ᠎ᠠ᠂ ᠶᠠᠰᠤ ᠴᠢᠨᠠᠷ ᠨᠢ ᠬᠢᠷᠢ ᠲᠡᠩᠴᠡᠭᠦ ᠥᠬᠡᠶ ᠡᠵᠡᠩᠨᠡᠯᠲᠡ ᠶᠢᠨ ᠭᠤᠤᠯ ᠴᠣᠭᠴᠠ  ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠴᠦ ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢᠶᠠᠨ ᠰᠢᠯᠤᠭᠤᠳᠬᠠᠵᠤ᠂ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠦᠬᠦ ᠬᠦᠴᠦᠨ ᠢᠶᠠᠷ ᠰᠠᠬᠢᠨ ᠬᠠᠮᠠᠭᠠᠯᠠᠬᠤ ᠪᠠᠷ ᠪᠣᠢ ᠃    
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ