4 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠵᠢᠩ ᠰᠢᠶᠠᠩ ᠤᠩᠭᠤᠨ ᠪᠠᠯᠭᠠᠰᠤᠨ ᠳᠤ ᠬᠦᠨᠵᠡᠬᠡᠶᠢᠷᠡᠨ ︽ᠨᠢᠭᠡ | ᠪᠠᠯᠭᠠᠰᠤ ᠨᠢᠭᠡ ᠨᠡᠷᠡᠳᠦ ᠲᠦᠷᠦᠯ ᠲᠡᠮᠳᠡᠭᠳᠦ᠂ ᠨᠢᠭᠡ ᠲᠣᠰᠬᠤᠨ ᠨᠢᠭᠡ ᠨᠡᠷᠡᠳᠦ ᠲᠦᠷᠦᠯ ᠲᠡᠮᠳᠡᠭᠳᠦ᠂ ᠬᠦᠷᠢᠶ᠎ᠡ ᠬᠠᠰᠢᠶᠠᠨ ᠤ ᠠᠵᠤ ᠠᠬᠤᠢ︾ ᠪᠣᠯᠤᠨ ᠴᠢᠬᠤᠯᠠ | ᠶᠡᠭᠡ ᠲᠦᠷᠦᠯ ᠵᠦᠢᠯ ᠤᠨ ᠬᠠᠪᠤᠷ ᠡᠬᠢᠯᠡᠮᠡᠭᠴᠡ ᠠᠵᠢᠯ ᠢᠶᠠᠨ ᠡᠬᠢᠯᠡᠬᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠦ ᠬᠢᠨᠠᠨ ᠵᠢᠯᠤᠭᠤᠤᠨᠪᠠ᠃ | | | | ᠼᠦᠢ ᠵᠢᠩ ᠰᠢᠶᠠᠩ ᠤᠷᠢᠳ ᠬᠤᠵᠢᠳ ᠤᠩᠭᠤᠨ ᠪᠠᠯᠭᠠᠰᠤ ᠶᠢᠨ ᠮᠠᠯ ᠵᠢᠭᠦᠷᠲᠡᠨ ᠤ ᠪᠦᠲᠦᠭᠡᠭᠳᠡᠬᠦᠨ ᠢ ᠪᠣᠯᠪᠠᠰᠤᠷᠠᠭᠤᠯᠬᠤ ᠲᠦᠷᠦᠯ ᠵᠦᠢᠯ᠂ ᠮᠠᠯᠵᠢᠬᠤ | ᠣᠷᠣᠨ ᠤ ᠣᠳᠣᠬᠢᠴᠢᠯᠠᠭᠰᠠᠨ ᠲᠥᠬᠦᠭᠡᠷᠦᠮᠵᠢ ᠶᠢᠨ ᠦᠢᠯᠡᠳᠪᠦᠷᠢ ᠶᠢᠨ ᠲᠦᠷᠦᠯ ᠵᠦᠢᠯ᠂ ᠡᠷᠦᠬᠡ ᠬᠤᠯᠪᠣᠭᠠᠯᠠᠨ ᠡᠵᠡᠩᠨᠡᠬᠦ ᠲᠦᠷᠦᠯ ᠵᠦᠢᠯ ᠤᠨ ᠲᠤᠬᠠᠢ ᠶᠢᠨ | ᠲᠠᠯᠠᠪᠠᠢ ᠳᠤ ᠭᠦᠨᠵᠡᠭᠡᠶᠢᠷᠡᠨ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠦᠷᠦᠯ ᠵᠦᠢᠯ ᠤᠨ ᠶᠡᠷᠦᠩᠬᠡᠢ ᠲᠥᠯᠥᠪᠵᠢᠭᠦᠯᠭᠡ ᠶᠢ ᠰᠣᠨᠣᠰᠴᠤ᠂ ᠲᠦᠷᠦᠯ ᠵᠦᠢᠯ ᠤᠨ | ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃ | ᠼᠦᠢ ᠵᠢᠩ ᠰᠢᠶᠠᠩ ᠠᠴᠠ᠂ ᠥᠨᠳᠥᠷ ᠪᠦᠲᠦᠮᠵᠢᠲᠡᠶ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠬᠡᠷᠡᠭᠲᠡᠶ᠃ ᠣᠷᠣᠨ ᠪᠦᠰᠡ ᠶᠢᠨ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠨ᠂ ᠠᠵᠤ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ | ᠪᠠᠷᠢᠮᠵᠢᠶᠠᠵᠢᠭᠰᠠᠨ ᠦᠶᠯᠡᠳᠪᠦᠷᠢᠯᠡᠯ ᠤᠨ ᠰᠢᠰᠲ᠋ᠧᠮᠵᠢ ᠶᠢ ᠪᠠᠶᠢᠭᠤᠯᠤᠨ᠂ ᠰᠠᠨᠠᠭᠠᠴᠢᠯᠠᠭ᠎ᠠ ᠠᠴᠠ ᠪᠠᠨ ᠬᠥᠲᠥᠴᠢ ᠠᠵᠤ ᠠᠬᠤᠶᠢᠯᠠᠯ ᠢ ᠤᠷᠢᠨ ᠪᠣᠶᠢᠵᠢᠭᠤᠯᠵᠤ | ᠪᠠᠶᠢᠭᠠᠳ ᠬᠤᠷᠰᠢᠶᠠᠵᠢᠯ᠂ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠤᠯᠪᠣᠭᠠᠯᠠᠨ ᠬᠥᠭᠵᠢᠬᠦ ᠶᠢ ᠳᠠᠶᠢᠴᠢᠯᠠᠵᠤ᠂ ︽ᠨᠢᠭᠡ ᠪᠠᠯᠭᠠᠰᠤ ᠨᠢᠭᠡ ᠨᠡᠷᠡᠳᠦ ᠲᠦᠷᠦᠯ | ᠲᠡᠮᠳᠡᠭᠳᠦ᠂ ᠨᠢᠭᠡ ᠲᠣᠰᠬᠤᠨ ᠨᠢᠭᠡ ᠨᠡᠷᠡᠳᠦ ᠲᠦᠷᠦᠯ ᠲᠡᠮᠳᠡᠭᠳᠦ᠂ ᠬᠦᠷᠢᠶ᠎ᠡ ᠬᠠᠰᠢᠶᠠᠨ ᠤ ᠠᠵᠤ ᠠᠬᠤᠢ︾ ᠪᠠᠷ ᠭᠠᠷᠳᠠᠴᠠ ᠪᠣᠯᠭᠠᠨ᠂ ᠤᠯᠠᠮᠵᠢᠯᠠᠯᠲᠤ ᠮᠠᠯ ᠠᠵᠤ | ᠠᠬᠤᠶ ᠶᠢ ᠣᠳᠣᠬᠢᠴᠢᠯᠠᠭᠰᠠᠨ ᠪᠥᠬᠦ ᠠᠵᠤ ᠦᠶᠯᠡᠰ ᠤᠨ ᠬᠡᠯᠬᠢᠶᠠᠵᠢᠯ ᠳᠠᠰᠢ ᠭᠦᠨᠵᠡᠭᠡᠶ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠳᠡᠢ᠃ | ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠴᠦ ᠦᠶᠯᠡᠰ ᠪᠣᠰᠬᠠᠬᠤ ᠬᠡᠷᠡᠭᠲᠡᠶ᠃ ︽ᠶᠡᠭᠡ ᠰᠤᠷᠤᠯᠴᠠᠯᠭ᠎ᠠ᠂ ᠶᠡᠭᠡ ᠪᠣᠯᠪᠠᠰᠤᠷᠠᠯ᠂ ᠶᠡᠭᠡ ᠪᠠᠶᠢᠴᠠᠭᠠᠨ | ᠰᠤᠳᠤᠯᠤᠯᠲᠠ᠂ ᠶᠡᠭᠡ ᠳᠡᠭᠡᠭᠰᠢᠯᠡᠯᠲᠡ︾ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠠᠯᠴᠢᠨ ᠲᠠᠷᠢᠶᠠᠴᠢᠳ ᠤᠨ ᠭᠠᠳᠠᠭᠰᠢ ᠭᠠᠷᠬᠤ ᠶᠢ ᠳᠠᠶᠢᠴᠢᠯᠠᠨ᠂ ᠲᠡᠷᠢᠭᠦᠨ ᠤ | ᠭᠠᠵᠠᠷ ᠣᠷᠣᠨ ᠳᠤ ᠬᠦᠷᠴᠦ ᠪᠠᠶᠢᠴᠠᠭᠠᠨ ᠰᠤᠷᠤᠯᠴᠠᠵᠤ᠂ ᠦᠵᠡᠯ ᠰᠠᠨᠠᠭ᠎ᠠ ᠦᠵᠡᠯᠲᠡ ᠲᠠᠨᠢᠯᠲᠠ ᠪᠠᠨ ᠰᠢᠨᠡᠴᠢᠯᠡᠨ᠂ ᠠᠳᠠᠯ ᠦᠶᠯᠡᠰ ᠴᠣᠭᠴᠠᠯᠠᠬᠤ ᠦᠵᠡᠯ ᠤᠬᠠᠮᠰᠠᠷ | ᠢ ᠬᠥᠭᠵᠢᠭᠡᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠮᠦᠵᠢᠭᠦᠯᠦᠨ᠂ ᠮᠠᠯᠴᠢᠨ ᠲᠠᠷᠢᠶᠠᠴᠢᠳ ᠤᠨ ᠤᠯᠠᠮᠵᠢᠯᠠᠯᠲᠤ ᠦᠶᠯᠡᠳᠪᠦᠷᠢᠯᠡᠭᠴᠢᠳ ᠠᠴᠠ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ᠂ ᠠᠵᠤ ᠦᠶᠯᠡᠰ ᠤᠨ ᠠᠵᠢᠯᠴᠢᠨ ᠳᠠᠰᠢ ᠬᠡᠯᠪᠡᠷᠢ ᠪᠠᠨ ᠬᠤᠪᠢᠷᠠᠭᠤᠯᠵᠤ᠂ ᠪᠥᠬᠦ ᠬᠤᠰᠢᠭᠤᠨ ᠤ ᠮᠠᠯ ᠠᠵᠤ ᠠᠬᠤᠶ | ᠶᠢᠨ ᠠᠵᠤ ᠦᠶᠢᠯᠡᠰᠵᠢᠯᠲᠡ᠂ ᠵᠠᠬ᠎ᠠ ᠳᠡᠯᠭᠡᠭᠦᠷᠴᠢᠯᠡᠯᠲᠡ᠂ ᠣᠳᠣᠬᠢᠴᠢᠯᠠᠭᠰᠠᠨ ᠬᠥᠭᠵᠢᠯᠲᠡ ᠳᠤ ᠬᠦᠴᠦᠨ ᠨᠡᠮᠡᠷᠢᠯᠡᠬᠦᠯᠬᠦ ᠪᠠᠷ ᠬᠦᠳᠦᠯᠦᠨ ᠵᠢᠯᠤᠭᠤᠤᠨᠬᠤ ᠬᠡᠷᠡᠭᠳᠡᠢ᠃ | ᠡᠬᠢ ᠪᠠᠶᠠᠯᠢᠭ ᠢ ᠨᠡᠶᠢᠳᠬᠡᠬᠦ ᠶᠢ ᠴᠢᠩᠭᠠᠳᠬᠠᠬᠤ ᠬᠡᠷᠡᠭᠲᠡᠢ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠵᠤ ᠠᠬᠤᠶ ᠶᠢᠨ ᠬᠥᠭᠵᠢᠯᠲᠡ ᠶᠢ | ᠨᠢᠭᠡᠳᠦᠯᠲᠡᠶ ᠲᠥᠯᠥᠪᠵᠢᠭᠦᠯᠵᠦ᠂ ︽ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠲᠤᠶᠢᠯ ᠤᠨ ᠣᠨᠣᠪᠴᠢᠲᠠᠶ ᠦᠶᠯᠡᠴᠢᠯᠡᠭᠡ ᠶᠢ ᠬᠠᠶᠢᠨ | ᠰᠦᠪᠡᠭᠴᠢᠯᠡᠵᠦ᠂ ᠮᠠᠯ ᠲᠠᠷᠢᠶᠠᠯᠠᠩ ᠣᠶ ᠰᠢᠭᠤᠶ ᠨᠤᠳᠤᠭ ᠪᠡᠯᠴᠢᠭᠡᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠤᠯᠳᠠ ᠶᠢᠨ ᠡᠩᠨᠡᠭᠡ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠤᠨ᠂ ᠡᠯ᠎ᠡ ᠲᠥᠷᠥᠯ ᠤᠨ ᠦᠶᠯᠡᠳᠪᠦᠷᠢᠯᠡᠯ ᠤᠨ ᠬᠦᠴᠦᠨ ᠵᠦᠶᠯ ᠢ ᠨᠡᠶᠢᠳᠬᠡᠵᠦ᠂ ᠡᠷᠴᠢᠮᠵᠢᠭᠦᠯᠦᠭᠰᠡᠨ ᠲᠡᠵᠢᠭᠡᠨ ᠦᠷᠡᠵᠢᠭᠦᠯᠬᠦ ᠰᠢᠨ᠎ᠡ ᠵᠠᠭᠪᠤᠷ ᠢ | ᠡᠭᠦᠳᠤᠨ᠂ ᠣᠯᠠᠨ ᠡᠰᠢᠵᠢᠭᠰᠡᠨ ᠠᠵᠤ ᠦᠶᠯᠡᠰ ᠤᠨ ᠬᠥᠭᠵᠢᠯᠲᠡ ᠶᠢᠨ ᠪᠦᠲᠦᠴᠡ ᠶᠢ ᠪᠠᠶᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠪᠣᠯᠤᠨ ᠠᠵᠤ ᠦᠶᠯᠡᠰ ᠤᠨ | ᠥᠷᠲᠡᠭ ᠤᠨ ᠨᠡᠮᠡᠭᠳᠡᠯ ᠤᠨ ᠬᠤᠤᠰ ᠴᠢᠭᠯᠡᠯᠲᠦ ᠴᠢᠳᠠᠪᠤᠷᠢ ᠶᠢ ᠪᠡᠶᠡᠯᠡᠭᠦᠯᠬᠦ ᠬᠡᠷᠡᠭᠳᠡᠢ᠃ | ᠦᠨᠡᠨᠬᠦ ᠠᠳᠬᠤᠵᠤ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠪᠠᠲᠤ ᠪᠤᠢ ᠪᠣᠯᠭᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠤᠨ ᠠᠰᠠᠭᠤᠳᠠᠯ | ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠶᠢ ᠠᠵᠢᠯ ᠤᠨ ᠭᠤᠤᠯᠳᠠᠯᠭ᠎ᠠ ᠪᠣᠯᠭᠠᠨ᠂ ᠦᠨᠡᠨ ᠦᠭᠡ ᠬᠡᠯᠡᠬᠦ᠂ ᠪᠣᠳᠠᠲᠠᠶ | ᠠᠵᠢᠯ ᠬᠢᠬᠦ᠂ ᠪᠣᠳᠠᠲᠠᠶ ᠦᠷ᠎ᠡ ᠪᠦᠲᠦᠮᠵᠢ ᠶᠢ ᠡᠷᠬᠢᠮᠯᠡᠬᠦ ᠶᠢ ᠦᠨᠡᠨᠬᠦ ᠪᠡᠶᠡᠯᠡᠭᠦᠯᠵᠦ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠭᠠᠷᠭᠠᠬᠤ ᠪᠠᠷ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠬᠡᠵᠦ ᠵᠢᠭᠠᠨ ᠭᠠᠷᠭᠠᠪᠠ᠃ | ᠬᠤᠰᠢᠭᠤᠨ ᠤ ᠤᠳᠤᠷᠢᠳᠤᠯᠭ᠎ᠠ ᠯᠢᠦ ᠶᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |