4 ᠰᠠᠷ᠎ᠠ ᠶᠢᠨ 15 ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠬᠠᠯᠢᠭᠤᠲᠤ ᠶᠢᠨ ᠨᠤᠭᠤ ᠭᠠᠵᠠᠷ ᠤᠨ ᠴᠡᠴᠡᠷᠯᠢᠭ᠂ ᠬᠤᠲᠠ ᠶᠢᠨ ᠳᠣᠮᠳᠠᠬᠢ ᠲᠠᠯ᠎ᠠ | ᠨᠤᠲᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠩᠬᠢᠨᠢ ᠪᠠᠷ ᠪᠠᠷᠢᠯᠭ᠎ᠠ ᠡᠬᠢᠯᠡᠪᠡ᠃ ᠲᠣᠰ ᠲᠥᠷᠥᠯ ᠵᠦᠢᠯ ᠨᠢ ᠠᠮᠢ ᠠᠬᠤᠶ ᠶᠢᠨ ᠬᠠᠮᠠᠭᠠᠯᠠᠯᠲᠠ᠂ | ᠰᠡᠯᠡᠭᠦᠴᠡᠯ ᠵᠢᠭᠤᠯᠴᠢᠯᠠᠯ᠂ ᠲᠠᠷᠢᠶᠠᠯᠠᠩ ᠤᠨ ᠣᠶᠢᠯᠠᠭᠠᠯᠲᠠ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠠᠮᠢ ᠠᠬᠤᠶ ᠶᠢᠨ ᠵᠢᠱᠢᠶ᠎ᠡ ᠦᠵᠡᠭᠦᠯᠬᠦ | ᠣᠷᠣᠨ ᠢ ᠪᠠᠶᠢᠭᠤᠯᠵᠤ᠂ ᠲᠤᠬᠠᠶ ᠶᠢᠨ ᠭᠠᠵᠠᠷ ᠤᠨ ᠪᠣᠬᠢᠷᠲᠤᠯ ᠥᠬᠡᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠣᠢ᠃ | ᠲᠦᠷᠦᠯ ᠵᠦᠢᠯ ᠤᠨ ᠲᠤᠬᠠᠢ ᠶᠢᠨ ᠲᠯᠠᠪᠣᠷ ᠲᠤ᠂ ᠬᠦᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ ᠬᠠᠷᠠᠭᠳᠠᠨ᠎ᠠ᠃ ᠮᠠᠯᠲᠠᠭᠤᠷ ᠮᠠᠰᠢᠨ ᠨᠤᠭᠤᠳ ᠬᠦᠩᠬᠢᠨᠡᠯᠳᠦᠨ | ᠰᠢᠷᠣᠶ ᠶᠢᠨ ᠠᠵᠢᠯ ᠢ ᠵᠡᠷᠭᠡᠪᠡᠷ ᠥᠷᠨᠢᠭᠦᠯᠵᠦ᠂ ᠠᠵᠢᠯᠴᠢᠳ ᠠᠵᠢᠯ ᠤᠨ ᠬᠤᠪᠢᠶᠠᠷᠢᠯᠠᠯ ᠲᠣᠳᠣᠷᠬᠠᠶ ᠪᠠᠷ ᠭᠠᠵᠠᠷ ᠰᠢᠷᠣᠢ ᠶᠢ ᠡᠮᠬᠢᠯᠡᠬᠦ ᠪᠠ ᠴᠢᠬᠢ ᠮᠣᠳᠣ ᠵᠠᠶᠢᠯᠠᠬᠤ | ᠠᠵᠢᠯ ᠬᠢᠵᠦ᠂ ᠲᠤᠬᠠᠶ ᠶᠢᠨ ᠲᠠᠯᠠᠪᠤᠷ ᠲᠤ ᠡᠮᠬᠢ ᠵᠢᠷᠤᠮ ᠲᠠᠢ᠂ ᠡᠷᠴᠢ ᠵᠣᠷᠢᠭ ᠲᠡᠭᠦᠯᠳᠡᠷ ᠠᠵᠢᠯ ᠤᠨ ᠪᠠᠶᠢᠳᠠᠯ ᠢᠯᠡᠷᠡᠨ᠎ᠡ᠃ | ᠬᠠᠯᠢᠭᠤᠲᠤ ᠶᠢᠨ ᠨᠤᠭᠤ ᠭᠠᠵᠠᠷ ᠤᠨ ᠴᠡᠴᠡᠷᠯᠢᠭ᠂ ᠬᠤᠲᠠ ᠶᠢᠨ ᠳᠣᠮᠳᠠᠬᠢ ᠲᠠᠯ᠎ᠠ ᠨᠤᠲᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠶᠡᠷᠦᠩᠬᠡᠶ ᠲᠠᠯᠠᠪᠠᠶ ᠨᠢ 40.96 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠷᠠᠳ ᠤᠨ ᠳᠤᠮᠳᠠᠳᠤ | ᠬᠤᠰᠢᠭᠤᠨ ᠤ ᠬᠠᠯᠢᠭᠤᠲᠤ ᠪᠠᠯᠭᠠᠰᠤ ᠶᠢᠨ ᠪᠠᠷᠠᠭᠤᠨ ᠡᠮᠦᠨᠡᠲᠦ ᠣᠷᠣᠴᠠ ᠭᠠᠷᠣᠴᠠ ᠵᠢᠴᠢ ᠡᠷᠭᠢᠨ ᠲᠣᠭᠤᠷᠢᠨ ᠤ ᠬᠥᠷᠥᠰᠥ ᠰᠢᠷᠣᠶ ᠶᠢ ᠬᠠᠮᠠᠭᠠᠯᠠᠬᠤ ᠠᠮᠢ | ᠠᠬᠤᠶ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠲᠥᠷᠥᠯ ᠵᠦᠢᠯ ᠳᠤ ᠲᠦᠰᠢᠭᠯᠡᠨ ᠬᠡᠷᠡᠭᠵᠢᠭᠦᠯᠵᠦ᠂ ᠭᠤᠣᠯ ᠣᠷᠣᠨ ᠨᠢ ᠬᠠᠯᠢᠭᠤᠲᠤ ᠪᠠᠯᠭᠠᠰᠤ ᠶᠢᠨ ᠡᠮᠦᠨ᠎ᠡ ᠪᠠ ᠪᠠᠷᠠᠭᠤᠨ ᠣᠷᠣᠴᠠ ᠭᠠᠷᠣᠴᠠ | ᠪᠣᠯᠣᠨ᠎ᠠ᠃ | ᠪᠦᠲᠦᠭᠡᠨ ᠪᠠᠶᠢᠭᠤᠯᠣᠯᠲᠠ ᠶᠢᠨ ᠠᠭᠤᠯᠭ᠎ᠠ ᠶᠢ ᠬᠤᠶᠠᠷ ᠲᠠᠯ᠎ᠠ ᠪᠠᠷ ᠬᠤᠪᠢᠶᠠᠨ᠎ᠠ᠄ ᠬᠠᠯᠢᠭᠤᠳᠣ ᠶᠢᠨ ᠨᠤᠭᠤ ᠭᠠᠵᠠᠷ ᠤᠨ ᠴᠡᠴᠡᠷᠯᠢᠭ᠂ ᠪᠦᠲᠦᠭᠡᠨ | ᠪᠠᠶᠢᠭᠤᠯᠣᠯᠲᠠ ᠶᠢᠨ ᠶᠡᠷᠦᠩᠬᠡᠢ ᠲᠠᠯᠠᠪᠠᠢ ᠨᠢ 25.56 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠣ᠂ ᠬᠤᠨ ᠭᠠᠯᠠᠭᠤᠨ ᠨᠤᠲᠤᠭ ᠤᠷᠠᠳ ᠤᠨ ᠳᠤᠮᠳᠠᠳᠤ | ᠬᠤᠰᠢᠭᠤᠨ ᠤ ᠭᠠᠵᠠᠷ ᠣᠷᠣᠨ ᠤ ᠣᠨᠴᠠᠯᠢᠭᠲᠤ ᠠᠮᠢ ᠠᠬᠤᠢ ᠶᠢᠨ ᠦᠵᠡᠮᠵᠢ᠂ ᠣᠯᠠᠨ ᠵᠤᠷᠪᠤᠰ ᠠᠮᠢ ᠠᠬᠤᠢ ᠶᠢᠨ ᠵᠢᠭᠤᠯᠴᠢᠯᠠᠯ ᠤᠨ ᠵᠠᠮ᠂ ᠦᠵᠡᠮᠵᠢ ᠶᠢᠨ ᠪᠦᠰᠡ᠂ | ᠰᠡᠷᠢᠭᠦᠨ ᠲᠠᠭᠲᠣ ᠵᠡᠷᠭᠡ ᠣᠰᠣᠨ ᠦᠵᠡᠮᠵᠢ ᠶᠢᠨ ᠵᠣᠭᠠᠴᠠᠬᠤ ᠠᠮᠠᠷᠠᠬᠤ ᠲᠠᠯᠠᠪᠤᠷ ᠪᠣᠯᠤᠨ ᠭᠡᠷᠡᠯᠲᠦᠭᠦᠯᠭᠡ ᠶᠢᠨ ᠰᠢᠰᠲ᠋ᠧᠮ ᠵᠡᠷᠭᠡ ᠰᠠᠭᠤᠷᠢ ᠲᠥᠬᠦᠭᠡᠷᠦᠮᠵᠢ᠂ | ᠤᠰᠤᠨ ᠰᠢᠰᠲ᠋ᠧᠮ ᠤᠨ ᠵᠤᠭ᠎ᠠ ᠴᠡᠩᠭᠡᠯ ᠤᠨ ᠲᠥᠬᠦᠭᠡᠷᠦᠮᠵᠢ ᠪᠠᠭᠳᠠᠨ᠎ᠠ᠂ ᠬᠠᠯᠢᠭᠤᠳᠣ ᠶᠢᠨ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠪᠦᠲᠦᠭᠡᠨ | ᠪᠠᠶᠢᠭᠤᠯᠣᠯᠲᠠ ᠶᠢᠨ ᠶᠡᠷᠦᠩᠬᠡᠢ ᠲᠠᠯᠠᠪᠠᠢ ᠨᠢ 15.4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠣ᠂ ᠬᠡᠬᠡᠷᠡᠯᠡᠬᠦ ᠬᠤᠸᠠᠷᠠᠨ᠂ ᠣᠳᠣᠨ ᠣᠭᠲᠠᠷᠭᠤᠢ ᠶᠢᠨ | ᠮᠠᠶᠢᠬᠠᠨ ᠤ ᠲᠣᠭᠤᠷᠢᠭ ᠵᠡᠷᠭᠡ ᠤᠯᠠᠨ ᠴᠢᠳᠠᠪᠬᠢᠲᠤ ᠰᠡᠯᠡᠭᠦᠴᠡᠯ ᠤᠨ ᠪᠡᠶᠡᠴᠢᠯᠡᠨ ᠣᠶᠢᠯᠠᠭᠠᠬᠤ ᠣᠷᠣᠨ᠂ ᠠᠮᠢ ᠠᠬᠤᠢ ᠶᠢᠨ ᠲᠡᠷᠭᠡᠨ ᠵᠣᠭᠰᠣᠭᠠᠯ᠂ ᠬᠡᠦᠬᠡᠳ ᠤᠨ | ᠵᠤᠭ᠎ᠠ ᠴᠡᠩᠭᠡᠯ ᠤᠨ ᠲᠥᠬᠦᠭᠡᠷᠦᠮᠵᠢ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠴᠡᠭ ᠵᠡᠷᠭᠡ ᠢᠵᠢ ᠪᠦᠷᠢᠳᠦᠭᠰᠡᠨ ᠦᠢᠯᠡᠴᠢᠯᠡᠭᠡᠨ ᠤ ᠲᠣᠭᠤᠷᠢᠭ ᠢ | ᠪᠠᠭᠲᠠᠭᠠᠵᠣ᠂ ᠤᠤᠯ ᠤᠨ ᠲᠠᠷᠢᠶᠠᠨ ᠭᠠᠵᠠᠷ᠂ ᠤᠢ ᠰᠢᠭᠤᠢ ᠶᠢᠨ ᠪᠦᠰᠡ᠂ ᠡᠪᠡᠰᠦ ᠪᠡᠯᠴᠢᠭᠡᠷ ᠵᠡᠷᠭᠡ ᠠᠮᠢ ᠠᠬᠤᠢ ᠶᠢᠨ ᠡᠯᠧᠮᠧᠨ᠋ᠲ ᠢ ᠦᠯᠡᠳᠡᠭᠡᠵᠦ᠂ ᠣᠷᠭᠠᠨᠢᠭ | ᠲᠠᠷᠢᠶᠠᠨ ᠭᠠᠵᠠᠷ᠂ ᠬᠤᠸᠠᠷ ᠴᠡᠴᠡᠭ ᠢ ᠰᠣᠨᠢᠷᠬᠠᠬᠤ᠂ ᠠᠮᠢ ᠠᠬᠤᠢ ᠶᠢᠨ ᠵᠢᠮᠢᠰ ᠤᠨ ᠬᠦᠷᠢᠶᠡᠯᠡᠩ ᠵᠡᠷᠭᠡ ᠪᠠᠶᠢᠭᠠᠯᠢᠯᠢᠭ ᠠᠮᠢ ᠠᠬᠤᠢ ᠶᠢᠨ ᠬᠠᠮᠠᠭᠠᠯᠠᠯᠲᠠ ᠶᠢᠨ | ᠣᠷᠣᠨ ᠢ ᠬᠠᠮᠤᠷᠴᠠᠢ᠃ | ︽ᠲᠣᠰ ᠲᠥᠷᠥᠯ ᠵᠦᠢᠯ ᠢ ᠬᠡᠷᠡᠭᠵᠢᠭᠦᠯᠬᠦ ᠨᠢ ᠬᠠᠯᠢᠭᠤᠲᠤ ᠪᠠᠯᠭᠠᠰᠤᠨ ᠤ ᠭᠤᠤᠯ ᠪᠣᠯᠬᠤ ᠣᠷᠣᠴᠠ ᠭᠠᠷᠣᠴᠠ ᠶᠢᠨ ᠰᠠᠭᠤᠷᠢ ᠲᠥᠬᠦᠭᠡᠷᠦᠮᠵᠢ ᠶᠢᠨ | ᠨᠥᠬᠦᠴᠡᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠪᠠᠶᠢᠷᠢᠰᠢᠯ ᠢ ᠪᠣᠶ ᠪᠣᠯᠭᠠᠵᠤ᠂ ᠠᠭᠤᠯᠠ | ᠬᠦᠬᠡ᠂ ᠣᠰᠣ ᠨᠢ ᠲᠣᠩᠭᠠᠯᠠᠭ᠂ ᠣᠷᠴᠢᠨ ᠲᠣᠭᠤᠷᠢᠨ ᠨᠢ ᠭᠤᠶᠢᠳᠠ ᠰᠠᠶᠢᠬᠠᠨ ᠪᠠᠶᠢᠬᠤ ᠬᠠᠷᠠᠯᠲᠠ ᠶᠢ ᠪᠡᠶᠡᠯᠡᠭᠦᠯᠵᠦ᠂ ᠲᠤᠬᠠᠶ ᠶᠢᠨ ᠭᠠᠵᠠᠷ ᠤᠨ ᠰᠠᠭᠤᠭᠠᠯᠢ | ᠠᠷᠠᠳ ᠲᠤ ᠣᠷᠣᠰᠢᠨ ᠰᠠᠭᠤᠷᠢᠰᠢᠬᠤ ᠳᠤ ᠨᠠᠩ ᠲᠣᠬᠢᠷᠠᠮᠵᠢᠲᠠᠶ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ᠂ ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠢᠯᠡᠳᠲᠡ ᠳᠡᠭᠡᠭᠰᠢᠯᠡᠭᠦᠯᠵᠦ᠂ ᠤᠷᠠᠳ ᠤᠨ ᠳᠤᠮᠳᠠᠳᠤ ᠬᠤᠰᠢᠭᠤᠨ ᠤ ᠪᠣᠬᠢᠷᠲᠤᠯ ᠥᠬᠡᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠬᠦ ᠪᠣᠯᠤᠨ᠎ᠠ︾ ᠭᠡᠵᠣ ᠬᠤᠰᠢᠭᠤᠨ ᠤ ᠴᠡᠴᠡᠷᠯᠢᠭᠵᠢᠭᠦᠯᠦᠯᠲᠡ ᠨᠣᠭᠤᠭᠠᠷᠠᠭᠤᠯᠣᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠰᠢᠨ ᠬᠡᠯᠡᠪᠡ᠃ |