ᠤᠷᠠᠳ ᠤᠨ ᠳᠤᠮᠳᠠᠳᠤ ᠬᠤᠰᠢᠭᠤ ︽ᠬᠠᠶᠠᠭᠳᠠᠮᠠᠯ︾ ᠢ ᠡᠷᠳᠡᠨᠢ ᠪᠣᠯᠭᠠᠨ ᠬᠤᠪᠢᠷᠠᠭᠤᠯᠵᠤ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠥᠳᠡᠯᠭᠡᠭᠦᠷ ᠪᠣᠯᠭᠠᠵᠤ ᠪᠣᠢ
ᠨᠡᠶᠢᠲᠡᠯᠡᠭᠰᠡᠨ ᠴᠠᠭ᠄
2025/4/25
     ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠣᠯᠵᠣ ᠂ ᠰᠢᠨᠡᠬᠦ᠋ᠷᠢᠶ᠎ᠡ ᠰᠤᠮᠤ ᠶᠢᠨ ᠲᠣᠭᠳᠠᠭᠤᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠵᠢᠯ ᠨᠢ ᠬᠠᠪᠤᠷ ᠤᠨ ᠤᠯᠠᠷᠢᠯ ᠤᠨ ᠠᠵᠢᠯ ᠢᠶᠠᠨ ᠰᠡᠷᠭᠦᠭᠡᠵᠣ ᠂ ᠬᠤᠷᠰᠢᠶᠠᠵᠢᠯ ᠨᠢ ᠦᠬᠡᠷ ᠮᠠᠯ ᠤᠨ ᠦᠷᠳᠡᠩ  ᠢᠶᠠᠷ ᠭᠤᠤᠯ ᠲᠦᠭᠦᠬᠡᠶ ᠮᠠᠲ᠋ᠧᠷᠢᠶᠠᠯ ᠪᠣᠯᠭᠠᠵᠤ᠂ ᠨᠠᠨᠤᠮᠧᠲᠷ ᠤᠨ ᠪᠦᠷᠬᠦᠪᠴᠢ ᠶᠢᠨ ᠢᠰᠬᠡᠬᠦ ᠰᠢᠰᠲ᠋ᠧᠮ ᠢᠶᠠᠷ ᠳᠠᠮᠵᠢᠭᠤᠯᠤᠨ ᠮᠠᠯᠴᠢᠨ ᠲᠠᠷᠢᠶᠠᠴᠢᠨ ᠤ ᠲᠠᠭᠠᠰᠢᠶᠠᠯ ᠢ ᠣᠯᠤᠭᠰᠠᠨ ᠣᠷᠭᠠᠨᠢᠭ ᠪᠣᠷᠲᠣᠭᠤᠷ ᠦᠢᠯᠡᠳᠪᠦᠷᠢᠯᠡᠵᠦ᠂ ᠪᠣᠬᠢᠷᠲᠤᠯ ᠥᠬᠡᠶ ᠲᠠᠷᠢᠶᠠᠯᠠᠩ ᠤᠨ ᠬᠥᠭᠵᠢᠯᠲᠡ ᠳᠤ ᠬᠦᠴᠦᠨ ᠨᠡᠮᠡᠷᠢᠯᠡᠵᠣ ᠪᠣᠢ ᠃     ᠣᠶᠢᠷ᠎ᠠ ᠳᠤ ᠂ ᠣᠷᠭᠠᠨᠢᠭ ᠪᠣᠷᠳᠣᠭᠤᠷ ᠦᠢᠯᠡᠳᠪᠦᠷᠢᠯᠡᠬᠦ ᠲᠤᠬᠠᠢ ᠶᠢᠨ ᠲᠠᠯᠠᠪᠣᠷ ᠲᠤ ᠬᠦᠷᠬᠦ ᠳᠤ ᠂ ᠢᠰᠭᠡᠵᠦ ᠰᠢᠢᠳᠪᠦᠷᠢᠯᠡᠭᠰᠡᠨ ᠦᠷᠳᠡᠩ  ᠢ ᠣᠪᠣᠭᠠᠯᠠᠵᠤ᠂ ᠦᠢᠯᠡᠳᠪᠦᠷᠢᠯᠡᠯ ᠤᠨ ᠲᠠᠰᠤᠭ ᠨᠢ ᠥᠨᠳᠥᠷ ᠪᠦᠲᠦᠮᠵᠢᠲᠡᠢ ᠠᠵᠢᠯᠯᠠᠵᠤ᠂ ᠣᠷᠭᠠᠨᠢᠭ ᠪᠣᠷᠳᠣᠭᠤᠷ ᠢ ᠳᠠᠷᠢ ᠲᠡᠭᠰᠢ ᠡᠮᠬᠢ ᠵᠢᠷᠤᠮ ᠲᠠᠢ ᠪᠠᠷ ᠬᠥᠮᠥᠷᠭᠡ ᠳᠤ ᠲᠠᠯᠪᠢᠵᠣ ᠪᠠᠶᠢᠯ᠎ᠠ᠃      ᠲᠥᠷᠥᠯ ᠵᠦᠢᠯ ᠤᠨ ᠬᠠᠷᠢᠭᠤᠴᠠᠯᠭᠠᠲᠠᠨ᠂ ᠬᠤᠷᠰᠢᠶᠠᠵᠢᠯ ᠠᠴᠠ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠠᠴᠠ ᠬᠤᠳᠠᠯᠳᠤᠨ ᠠᠪᠤᠭᠰᠠᠨ ᠦᠷᠳᠡᠩ  ᠢ ᠢᠰᠬᠡᠬᠦ ᠂ ᠦᠢᠯᠡᠳᠪᠦᠷᠢᠯᠡᠬᠦ᠂ ᠬᠡᠮᠬᠡᠯᠬᠦ ᠵᠡᠷᠭᠡ ᠠᠵᠢᠯ ᠤᠨ ᠲᠠᠰ ᠳᠠᠷᠠᠭᠠᠯᠠᠯ ᠢᠶᠠᠷ ᠳᠡᠮᠵᠢᠨ᠂ ᠣᠷᠭᠠᠨᠢᠭ ᠪᠣᠷᠳᠣᠭᠤᠷ ᠪᠣᠯᠭᠠᠨ ᠬᠤᠪᠢᠷᠠᠭᠤᠯᠵᠣ ᠪᠠᠶᠢᠨ᠎ᠠ ᠭᠡᠵᠡᠶ᠃ ᠣᠷᠭᠠᠨᠢᠭ ᠪᠣᠷᠳᠣᠭᠤᠷ ᠤᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠲᠡᠳᠡ ᠪᠠᠰᠠ ᠪᠣᠷᠳᠣᠭᠤᠷ ᠤᠨ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠲᠡᠵᠢᠭᠡᠯ ᠤᠨ ᠠᠭᠤᠯᠤᠭᠳᠠᠴᠠ᠂ ᠬᠦᠨᠳᠦ ᠲᠡᠮᠦᠷᠯᠢᠭ ᠤᠨ ᠠᠭᠤᠯᠤᠭᠳᠠᠴᠠ ᠵᠡᠷᠭᠡ ᠬᠠᠮᠢᠶ᠎ᠠ ᠪᠦᠬᠦᠢ ᠭᠦᠢᠴᠡᠳᠬᠡᠯ ᠲᠤᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠯᠲᠠ ᠬᠢᠵᠦ᠂ ᠬᠤᠯᠪᠣᠭᠳᠠᠯ ᠪᠦᠬᠦᠢ ᠪᠠᠷᠢᠮᠵᠢᠶ᠎ᠠ ᠪᠠ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠪᠠ᠃     ᠲᠣᠭᠳᠠᠭᠤᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠵᠢᠯ ᠤᠨ ᠬᠠᠷᠢᠭᠤᠴᠠᠯᠭᠠᠲᠠᠨ ᠰᠦᠬᠡᠪᠢᠯᠢᠭ ᠄ ︽ᠡᠨᠡ ᠣᠷᠭᠠᠨᠢᠭ ᠪᠣᠷᠲᠣᠭᠤᠷ ᠨᠢ ᠮᠠᠨ ᠤ ᠲᠠᠷᠢᠶᠠᠨ ᠭᠠᠵᠠᠷ ᠤᠨ ᠲᠠᠷᠢᠮᠠᠯ᠂ ᠬᠦᠯᠡᠮᠵᠢ ᠶᠢᠨ ᠲᠥᠷᠥᠯ ᠤᠨ ᠵᠢᠮᠢᠰ ᠪᠠ ᠢᠳᠡᠰᠢᠨ ᠨᠣᠭᠤᠭ᠎ᠠ ᠳᠤ ᠪᠦᠷ ᠲᠣᠬᠢᠷᠠᠳᠠᠭ᠃ ᠣᠷᠭᠠᠨᠢᠭ ᠪᠣᠷᠳᠣᠭᠤᠷ ᠤᠨ ᠬᠠᠮᠤᠭ ᠤᠨ ᠶᠡᠭᠡ ᠳᠠᠪᠠᠭᠤᠯᠢᠭ ᠲᠠᠯ᠎ᠠ ᠨᠢ ᠳᠠᠷᠤᠶ ᠬᠥᠷᠥᠰᠥ ᠰᠢᠷᠣᠶ ᠶᠢ ᠰᠠᠶᠢᠵᠢᠷᠠᠭᠤᠯᠬᠤ᠂ ᠬᠥᠷᠥᠰᠥ ᠰᠢᠷᠣᠶ ᠶᠢᠨ ᠪᠦᠲᠦᠴᠡ ᠶᠢ ᠬᠤᠪᠢᠷᠠᠭᠤᠯᠬᠤ᠂ ᠬᠥᠷᠥᠰᠥ ᠰᠢᠷᠣᠶ ᠶᠢᠨ ᠣᠷᠭᠠᠨᠢᠭ ᠪᠣᠳᠠᠰ ᠢ ᠨᠡᠮᠡᠭᠳᠡᠭᠦᠯᠬᠦ ᠶᠠᠪᠤᠳᠠᠯ ᠪᠣᠯᠤᠨ᠎ᠠ᠂ ᠪᠠᠰᠠ ᠠᠮᠤ ᠪᠤᠳᠠᠭ᠎ᠠ ᠵᠡᠷᠭᠡ ᠲᠠᠷᠢᠮᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠴᠢᠳᠠᠨ᠎ᠠ ︾  ᠭᠡᠪᠡ᠃     ᠣᠶᠢᠯᠠᠭᠠᠭᠰᠠᠨ ᠢᠶᠠᠷ᠂ 2019 ᠣᠨ ᠳᠤ᠂ ᠲᠣᠭᠳᠠᠭᠤᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠵᠢᠯ  ᠨᠢ ᠲᠥᠷᠥᠯ ᠵᠣᠶᠢᠯ ᠤᠨ ᠪᠠᠯᠠ ᠮᠥᠩᠭᠦ ᠶᠢ  ᠭᠤᠶᠣᠴᠢᠯᠠᠵᠣ᠂ ᠦᠷᠳᠡᠩ   ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠣᠶᠢᠯ ᠢ ᠪᠠᠶᠢᠭᠤᠯᠵᠤ᠂ ᠲᠥᠷᠥᠯ ᠵᠣᠶᠢᠯ ᠤᠨ ᠡᠵᠡᠯᠡᠬᠦ ᠲᠠᠯᠠᠪᠠᠶ ᠨᠢ 4000 ᠲᠡᠭᠰᠢ ᠳᠥᠷᠪᠡᠯᠵᠢᠨ ᠮᠧᠲᠷ ᠪᠠᠶᠢᠵᠤ᠂ ᠣᠲᠣ ᠨᠠᠨᠤᠮᠧᠲᠷ ᠤᠨ ᠪᠦᠷᠬᠦᠪᠴᠢ ᠶᠢᠨ ᠢᠰᠬᠡᠬᠦ ᠰᠢᠰᠲ᠋ᠧᠮ 10  ᠢᠵᠢ ᠪᠠᠶᠢᠵᠤ᠂ ᠵᠢᠯ ᠤᠨ ᠦᠢᠯᠡᠳᠪᠦᠷᠢᠯᠡᠯ ᠤᠨ ᠴᠢᠳᠠᠪᠤᠷᠢ ᠨᠢ 1 ᠲᠦᠮᠡᠨ ᠲᠣᠨ ᠳᠤ ᠬᠦᠷᠴᠡᠶ᠃     ᠲᠣᠭᠲᠠᠭᠤᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠵᠢᠯ ᠤᠨ ᠬᠠᠷᠢᠭᠤᠴᠠᠯᠭᠠᠲᠠᠨ ᠰᠦᠬᠡᠪᠢᠯᠢᠭ ᠄ ︽2025 ᠣᠨ ᠳᠤ᠂ ᠪᠢᠳᠡ ᠣᠷᠭᠠᠨᠢᠭ ᠪᠣᠷᠲᠣᠭᠤᠷ 3000 ᠲᠣᠨ ᠦᠢᠯᠡᠳᠪᠦᠷᠢᠯᠡᠵᠦ᠂ 2000 ᠲᠣᠨ ᠣᠷᠴᠢᠮ ᠪᠣᠷᠣᠯᠠᠭᠤᠯᠵᠤ᠂ ᠪᠣᠷᠣᠯᠠᠭᠤᠯᠤᠯᠲᠠ ᠶᠢᠨ ᠣᠷᠣᠯᠭ᠎ᠠ ᠶᠢ ᠪᠠᠷᠤᠭ 50 ᠲᠦᠮᠡᠨ ᠲᠥᠭᠦᠷᠢᠭ ᠲᠤ ᠬᠦᠷᠭᠡᠬᠦ ᠪᠠᠷ ᠲᠦᠰᠦᠪᠯᠡᠵᠣ ᠪᠠᠶᠢᠨ᠎ᠠ︾ ᠬᠡᠵᠡᠢ᠃     ᠣᠶᠢᠷ᠎ᠠ ᠶᠢᠨ ᠵᠢᠯ ᠳᠤ᠂ ᠤᠷᠠᠳ ᠤᠨ ᠳᠤᠮᠳᠠᠳᠤ ᠬᠤᠰᠢᠭᠤ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠨ᠂  ᠦᠷᠳᠡᠩ ᠢ ᠣᠷᠭᠠᠨᠢᠭ ᠪᠣᠷᠲᠣᠭᠤᠷ ᠪᠣᠯᠭᠠᠬᠤ ᠠᠵᠤ ᠦᠢᠯᠡᠰ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠮᠡᠷᠭᠡᠵᠢᠯ ᠪᠠ ᠵᠠᠭᠪᠤᠷ ᠢ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠡᠨᠡ ᠬᠦ ᠪᠣᠬᠢᠷᠲᠤᠯ ᠥᠬᠡᠶ ᠠᠵᠤ ᠦᠢᠯᠡᠰ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠴᠦᠲᠦ ᠬᠥᠳᠡᠯᠭᠡᠭᠦᠷ ᠪᠣᠯᠭᠠᠵᠣ ᠪᠣᠢ ᠃   
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ