4 ᠰᠠᠷ᠎ᠠ ᠶᠢᠨ 25 ᠤ ᠡᠳᠦᠷ᠂ ᠤᠯᠤᠰ ᠤᠨ ᠡᠨᠧᠷᠭᠢ ᠶᠢᠨ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠱᠠᠩ ᠸᠠᠨ ᠨᠡᠭᠦᠷᠡᠰᠦᠨ ᠠᠭᠤᠷᠬᠠᠶ ᠶᠢᠨ 100 | ᠭᠠᠷᠤᠶ ᠮᠧᠳ᠋ᠷ ᠭᠦᠨ ᠠᠭᠤᠷᠬᠠᠶ ᠶᠢᠨ ᠬᠤᠳᠳᠤᠭ ᠳᠣᠲᠣᠷ᠎ᠠ᠂ ᠤᠨᠴᠠ ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠲᠠᠢ ᠶᠡᠷᠦᠩᠬᠡᠶᠢᠯᠡᠭᠰᠡᠨ ᠨᠡᠭᠦᠷᠡᠰᠦ | ᠮᠠᠯᠲᠠᠬᠤ ᠠᠵᠢᠯ ᠤᠨ ᠲᠠᠯᠠᠪᠤᠷ ᠤᠨ ᠨᠡᠭᠦᠷᠡᠰᠦ ᠮᠠᠯᠲᠠᠬᠤ ᠮᠠᠰᠢᠨ ᠶᠠᠭ ᠪᠦᠬᠦ ᠬᠦᠴᠦᠨ ᠢᠶᠠᠷ ᠢᠶᠠᠨ ᠠᠵᠢᠯᠯᠠᠵᠦ ᠪᠠᠶᠢᠪᠠ᠃ ᠱᠠᠩ ᠸᠠᠨ ᠨᠡᠭᠦᠷᠡᠰᠦᠨ ᠠᠭᠤᠷᠬᠠᠶ ᠶᠢᠨ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠭᠢ ᠶᠢᠨ ᠦᠢᠯᠡᠳᠪᠦᠷᠢᠯᠡᠯ ᠤᠨ ᠨᠢᠭᠡᠳᠦᠭᠡᠷ ᠲᠤᠭᠤᠶᠢᠯᠡᠩ ᠤᠨ ᠳᠠᠷᠤᠭ᠎ᠠ ᠪᠥᠭᠡᠳ ᠨᠡᠭᠦᠷᠡᠰᠦ ᠮᠠᠯᠲᠠᠬᠤ | ᠮᠠᠰᠢᠨ ᠤ ᠵᠢᠯᠣᠭᠤᠴᠢ ᠬᠣ᠋ ᠶᠦᠩ ᠭᠠᠩ ᠬᠠᠮᠲᠤ ᠠᠵᠢᠯᠲᠠᠨ ᠲᠠᠢ ᠪᠠᠨ ᠮᠠᠯᠲᠠᠵᠤ ᠭᠠᠷᠭᠠᠭᠰᠠᠨ ᠨᠡᠭᠦᠷᠡᠰᠦ ᠶᠢ ᠲᠠᠮᠵᠢᠭᠤᠯᠬᠤ ᠮᠠᠰᠢᠨ ᠢᠶᠠᠷ ᠭᠠᠳᠠᠭᠰᠢ ᠬᠦᠷᠭᠡᠨ᠎ᠡ ᠁ | ᠡᠨᠡ ᠵᠢᠯ 36 ᠨᠠᠰᠤᠲᠠᠢ ᠬᠣ᠋ ᠶᠦᠩ ᠭᠠᠩ ᠱᠠᠩ ᠸᠠᠨ ᠨᠡᠭᠦᠷᠡᠰᠦᠨ ᠠᠭᠤᠷᠬᠠᠢ ᠳᠤ ᠨᠢᠭᠡᠨᠲᠡ 15 ᠵᠢᠯ ᠠᠵᠢᠯᠯᠠᠵᠤ᠂ ᠤᠷᠢᠳ ᠬᠤᠵᠢᠳ ᠨᠡᠭᠦᠷᠡᠰᠦ | ᠮᠠᠯᠲᠠᠬᠤ ᠮᠠᠰᠢᠨ ᠤ ᠪᠠᠶᠢᠴᠠᠭᠠᠨ ᠵᠠᠰᠠᠬᠤ ᠠᠵᠢᠯᠲᠠᠨ ᠵᠡᠷᠭᠡ ᠠᠵᠢᠯ ᠬᠢᠵᠦ᠂ ᠤᠳᠤ ᠬᠤᠳᠳᠤᠭ ᠲᠤᠳᠤᠷ᠎ᠠ ᠨᠡᠭᠦᠷᠡᠰᠦ ᠮᠠᠯᠲᠠᠬᠤ ᠮᠠᠰᠢᠨ ᠢ ᠡᠵᠡᠮᠳᠡᠨ | ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠬᠤ ᠨᠢ ᠲᠡᠭᠦᠨ ᠤ ᠡᠳᠦᠷ ᠳᠤᠳᠤᠮ ᠤᠨ ᠠᠵᠢᠯ ᠪᠣᠯᠤᠨ᠎ᠠ᠃ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠩᠬᠢ ᠶᠢᠨ ︽ᠲᠡᠮᠦᠷ ᠴᠡᠷᠢᠭ︾ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠨᠡᠭᠦᠷᠡᠰᠦᠨ | ᠠᠭᠤᠷᠬᠠᠢ ᠶᠢᠨ ᠴᠢᠬᠤᠯᠠ ᠶᠡᠭᠡ ᠪᠣᠭᠤᠮᠲᠠ ᠰᠢᠪᠲᠤᠯᠬᠤ ᠡᠭᠦᠷᠭᠡ ᠶᠢ ᠤᠯᠠᠨ ᠤᠳᠠᠭ᠎ᠠ ᠡᠭᠦᠷᠭᠡᠯᠡᠭᠰᠡᠨ ᠪᠥᠭᠡᠳ ᠰᠢᠨ᠎ᠡ ᠶᠢ ᠡᠭᠦᠳᠬᠦ ᠰᠡᠳᠭᠢᠬᠦᠢ ᠪᠠᠷ ᠠᠵᠢᠯ ᠤᠨ | ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠬᠥᠳᠡᠯᠮᠦᠷᠢᠴᠢᠳ ᠤᠨ ᠤᠶᠤᠨ ᠤᠬᠠᠭᠠᠨ ᠪᠠ ᠬᠠᠷᠢᠭᠤᠴᠠᠯᠭ᠎ᠠ ᠡᠭᠦᠷᠭᠡᠯᠡᠯ ᠢ | ᠢᠯᠡᠷᠡᠭᠦᠯᠪᠡ᠃ | 2018 ᠣᠨ ᠤ 3 ᠰᠠᠷ᠎ᠠ ᠳᠤ᠂ ᠤᠯᠤᠰ ᠤᠨ ᠡᠨᠧᠷᠭᠢ ᠶᠢᠨ ᠪᠡᠯᠨ ᠤᠷᠤᠭᠤᠯᠤᠯᠳᠠ ᠶᠢᠨ ᠪᠥᠯᠥᠭᠯᠡᠯ ᠤᠨ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠱᠠᠩ | ᠸᠠᠨ ᠨᠡᠭᠦᠷᠡᠰᠦᠨ ᠠᠭᠤᠷᠬᠠᠢ ᠳᠤ ᠳᠡᠯᠡᠬᠡᠢ ᠶᠢᠨ ᠠᠩᠬᠠᠳᠠᠭᠴᠢ 8.8 ᠮᠧᠳ᠋ᠷ ᠤᠨ ᠤᠨᠴᠠ ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠲᠠᠢ ᠣᠶᠤᠨᠴᠢ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠲᠠᠯᠠᠪᠤᠷ ᠢ ᠪᠠᠶᠢᠭᠤᠯᠵᠤ᠂ ᠬᠣ᠋ ᠶᠦᠩ ᠭᠠᠩ ᠤᠨ ᠪᠠᠶᠢᠭ᠎ᠠ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ | ᠠᠩᠬᠢ ᠳᠤ ᠨᠡᠭᠦᠷᠡᠰᠦ ᠮᠠᠯᠲᠠᠬᠤ ᠡᠭᠦᠷᠭᠡ ᠶᠢ ᠲᠤᠰᠢᠶᠠᠨ ᠦᠭᠪᠠ᠃ ᠲᠣᠨᠤᠭ ᠲᠥᠬᠦᠭᠡᠷᠦᠮᠵᠢ ᠤᠭᠰᠠᠷᠠᠬᠤ ᠡᠬᠢᠨ ᠤ ᠬᠤᠭᠤᠴᠠᠭᠠᠨ ᠳᠤ ᠠᠯᠢ ᠣᠯᠠᠨ ᠬᠦᠴᠢᠷ | ᠠᠰᠠᠭᠤᠳᠠᠯ ᠤᠨ ᠡᠮᠦᠨ᠎ᠡ᠂ ᠡᠭᠡᠯᠵᠢ ᠲᠤᠭᠤᠶᠢᠯᠠᠩ ᠤᠨ ᠳᠠᠷᠤᠭ᠎ᠠ ᠪᠤᠯᠤᠭᠰᠠᠨ ᠬᠣ᠋ ᠶᠦᠩ ᠭᠠᠩ ᠪᠦᠷᠢᠯᠳᠦᠬᠦᠨ ᠢᠶᠠᠨ ᠳᠠᠭᠠᠭᠤᠯᠤᠨ᠂ ᠡᠯ᠎ᠡ ᠵᠦᠢᠯ ᠤᠨ ᠬᠦᠴᠢᠷ | ᠲᠦᠪᠡᠭᠲᠡᠶ ᠠᠰᠠᠭᠤᠳᠠᠯ ᠤᠨ ᠲᠣᠭᠤᠷᠢᠨ ᠳᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠬᠢᠪᠠ᠃ ᠲᠡᠷᠡ ᠠᠮᠤᠷ ᠲᠦᠪᠰᠢᠨ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ | ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠵᠡᠷᠭᠡ ᠲᠠᠯ᠎ᠠ ᠠᠴᠠ ᠭᠠᠷᠳᠠᠵᠦ᠂ ᠤᠷᠢᠳ ᠬᠤᠵᠢᠳ 133 ᠵᠦᠢᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ | ᠂ 141 ᠵᠦᠢᠯ ᠤᠨ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢ ᠢᠯᠭᠠᠨ ᠲᠠᠨᠢᠬᠤ᠂ 159 ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠳᠤ ᠣᠷᠣᠯᠴᠠᠵᠤ᠂ ᠪᠠᠷᠢᠯᠭ᠎ᠠ ᠶᠢᠨ ᠶᠠᠰᠤ ᠴᠢᠨᠠᠷ ᠢ ᠡᠵᠡᠮᠳᠡᠬᠦ᠂ ᠠᠭᠤᠷᠬᠠᠢ ᠶᠢᠨ ᠨᠤᠷᠠᠬᠤ ᠶᠢ ᠰᠡᠷᠭᠡᠶᠢᠯᠡᠬᠦ᠂ ᠥᠨᠳᠥᠷ ᠲᠤ ᠭᠠᠷᠴᠤ ᠠᠵᠢᠯᠯᠠᠬᠤ᠂ | ᠲᠣᠨᠤᠭ ᠲᠥᠬᠦᠭᠡᠷᠦᠮᠵᠢ ᠳᠤᠲᠠᠭᠳᠠᠵᠤ ᠪᠠᠶᠢᠬᠤ ᠠᠰᠠᠭᠤᠳᠠᠯ ᠢ ᠠᠷᠢᠯᠭᠠᠬᠤ ᠵᠡᠷᠭᠡ ᠲᠠᠯ᠎ᠠ ᠶᠢᠨ 50 ᠭᠠᠷᠤᠶ ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠬᠤ ᠳᠤ | ᠣᠷᠣᠯᠴᠠᠵᠤ᠂ ᠨᠡᠶᠢᠲᠡ 30 ᠭᠠᠷᠤᠶ ᠵᠦᠢᠯ ᠤᠨ ᠵᠢᠵᠢᠭ ᠥᠭᠡᠷᠡᠴᠢᠯᠡᠯᠲᠡ ᠬᠢᠵᠦ᠂ ᠳᠡᠯᠡᠬᠡᠶ ᠶᠢᠨ ᠲᠡᠷᠢᠭᠦᠨ ᠤ ᠤᠨᠴᠠ ᠶᠡᠭᠡ ᠨᠡᠭᠦᠷᠡᠰᠦ ᠮᠠᠯᠲᠠᠬᠤ ᠥᠨᠳᠥᠷ ᠤᠨ | ᠬᠡᠮᠵᠢᠶ᠎ᠡ ᠶᠢᠨ ᠠᠮᠤᠷ ᠲᠦᠪᠰᠢᠨ ᠥᠨᠳᠥᠷ ᠪᠦᠲᠦᠮᠵᠢᠲᠡᠶ ᠪᠤᠴᠠᠭᠠᠨ ᠮᠠᠯᠲᠠᠬᠤ ᠤᠷ᠎ᠠ ᠮᠡᠷᠭᠡᠰᠢᠯ ᠳᠤ ᠳᠠᠬᠢᠨ ᠲᠣᠮᠢᠶᠠᠯᠠᠯ ᠬᠢᠵᠡᠶ᠃ | ︽ᠨᠡᠭᠦᠷᠡᠰᠦᠨ ᠳᠠᠪᠬᠤᠷᠭ᠎ᠠ ᠶᠢ ᠮᠠᠯᠳᠠᠬᠤ ᠠᠵᠢᠯ ᠳᠤ ᠠᠩᠬ᠎ᠠ ᠤᠷᠤᠯᠴᠠᠬᠤ ᠳᠠᠭᠠᠨ᠂ 225 ᠲᠣᠨ ᠬᠦᠨᠳᠦ᠂ ᠥᠩᠬᠦᠷᠢᠭᠦᠯ ᠤᠨ ᠳ᠋ᠢᠶᠠᠮᠧᠳ᠋ᠷ ᠨᠢ 4.3 ᠮᠧᠳ᠋ᠷ | ᠬᠦᠷᠬᠦ ᠲᠠᠰ ᠠᠴᠠ ᠳᠠᠪᠠᠭᠰᠠᠨ ᠨᠡᠭᠦᠷᠡᠰᠦ ᠮᠠᠯᠲᠠᠬᠤ ᠮᠠᠰᠢᠨ ᠪᠠ ᠰᠠᠭᠤᠷᠢ ᠬᠠᠪᠲᠠᠰᠤ ᠶᠢ ᠡᠵᠡᠮᠰᠢᠬᠦ ᠬᠠᠲᠠᠭᠤ ᠱᠠᠭᠠᠷᠳᠠᠯᠭ᠎ᠠ ᠶᠢ ᠬᠠᠷᠠᠭᠠᠳ᠂ ᠪᠢ ᠳᠤᠲᠤᠷ᠎ᠠ ᠪᠠᠨ | ᠪᠠᠰᠠ ᠲᠤᠭ᠎ᠠ ᠦᠭᠡᠢ ᠪᠠᠶᠢᠪᠠ︾᠃ ᠲᠠᠰ ᠠᠴᠠ ᠳᠠᠪᠠᠭᠰᠠᠨ ᠨᠡᠭᠦᠷᠡᠰᠦ ᠮᠠᠯᠲᠠᠬᠤ ᠮᠠᠰᠢᠨ ᠤ ︽ᠠᠷᠠᠨᠰᠢᠨ︾ ᠢ ᠣᠶᠢᠯᠠᠭᠠᠵᠤ᠂ ᠥᠩᠬᠦᠷᠢᠭᠦᠯ ᠤᠨ ᠠᠵᠢᠯᠯᠠᠬᠤ ᠤᠷ᠎ᠠ | ᠮᠡᠷᠭᠡᠵᠢᠯ ᠢ ᠡᠵᠡᠮᠰᠢᠬᠦ ᠶᠢᠨ ᠲᠥᠯᠥᠭᠡ᠂ ᠬᠤ᠋ ᠶᠦᠩ ᠭᠠᠩ ᠲᠠᠰ ᠠᠴᠠ ᠳᠠᠪᠠᠭᠰᠠᠨ ᠨᠡᠭᠦᠷᠡᠰᠦ ᠮᠠᠯᠲᠠᠬᠤ ᠮᠠᠰᠢᠨ ᠤ ᠪᠦᠲᠦᠴᠡ᠂ ᠠᠵᠢᠯᠯᠠᠭᠠᠨ ᠤ ᠤᠭ ᠶᠣᠰᠣ ᠶᠢ | ᠰᠤᠷᠤᠯᠴᠠᠬᠤ ᠶᠢ ᠪᠠᠷᠢᠮᠲᠠᠯᠠᠵᠤ᠂ ᠠᠳᠠᠯᠢ ᠪᠤᠰᠤ ᠠᠵᠢᠯᠯᠠᠬᠤ ᠬᠡᠮᠵᠢᠶ᠎ᠡ ᠲᠠᠢ ᠨᠡᠭᠦᠷᠡᠰᠦ ᠮᠠᠯᠲᠠᠬᠤ ᠮᠠᠰᠢᠨ ᠤ ᠨᠡᠭᠦᠷᠡᠰᠦ ᠮᠠᠯᠳᠠᠬᠤ ᠪᠠᠶᠢᠳᠠᠯ ᠢ ᠳᠠᠭᠤᠷᠢᠶᠠᠨ ᠵᠠᠳᠠᠯᠵᠤ᠂ | ᠲᠤᠬᠠᠢ ᠶᠢᠨ ᠲᠠᠯᠠᠪᠠᠢ ᠳᠤ ᠵᠠᠭᠤ ᠭᠠᠷᠤᠢ ᠤᠳᠠᠭ᠎ᠠ ᠳᠠᠬᠢᠨ ᠳᠠᠪᠲᠠᠨ ᠲᠤᠷᠰᠢᠯᠲᠠ ᠬᠢᠵᠦ᠂ ᠡᠴᠦᠰ ᠲᠡᠭᠡᠨ ᠥᠩᠬᠦᠷᠢᠭᠦᠯ ᠤᠨ ᠠᠵᠢᠯᠯᠠᠬᠤ ᠬᠡᠮᠵᠢᠶ᠎ᠡ ᠶᠢ 5 | ᠰᠠᠨᠲ᠋ᠢᠮᠧᠳ᠋ᠷ ᠤᠨ ᠳᠣᠲᠣᠷ᠎ᠠ ᠬᠢᠵᠠᠭᠠᠷᠯᠠᠬᠤ ᠶᠢ ᠪᠡᠶᠡᠯᠡᠭᠦᠯᠵᠡᠢ᠂ ᠡᠶᠢᠨᠬᠦ ᠲᠡᠷᠡ ᠪᠠᠰᠠ ︽ᠤᠯᠠᠨ ᠲᠠᠯ᠎ᠠ ᠳᠤ ᠴᠠᠭᠠᠷᠠᠭᠰᠠᠨ ᠵᠢᠯᠣᠭᠤᠴᠢ︾ ᠬᠡᠮᠡᠭᠳᠡᠪᠡ᠃ | ᠡᠨᠡ ᠬᠦ ︽ᠲᠠᠰ ᠠᠴᠠ ᠳᠠᠪᠠᠭᠰᠠᠨ ᠢᠨᠵᠧᠨᠧᠷᠢᠩ︾ ᠨᠢ 97 ᠡᠳᠦᠷ ᠤᠨ ᠳᠠᠬᠢᠨ ᠳᠠᠪᠲᠠᠨ ᠬᠢᠭᠰᠡᠨ ᠲᠤᠷᠰᠢᠯᠲᠠ ᠪᠠᠷ ᠲᠠᠮᠵᠢᠨ᠂ 2018 ᠣᠨ ᠤ 6 | ᠰᠠᠷ᠎ᠠ ᠳᠤ ᠵᠢᠩᠬᠢᠨᠢ ᠪᠠᠷ ᠦᠢᠯᠡᠳᠪᠦᠷᠢᠯᠡᠯ ᠢᠶᠠᠨ ᠡᠬᠢᠯᠡᠭᠦᠯᠬᠦ ᠶᠢᠨ ᠬᠠᠮᠲᠤ ᠤᠳᠠᠯ ᠦᠭᠡᠢ ᠡᠳᠦᠷ ᠲᠤ ᠬᠠᠮᠤᠭ ᠤᠨ ᠶᠡᠭᠡ ᠳᠡᠭᠡᠨ 6.02 ᠲᠦᠮᠡᠨ ᠲᠣᠨ᠂ ᠰᠠᠷ᠎ᠠ ᠳᠤ | ᠬᠠᠮᠤᠭ ᠤᠨ ᠶᠡᠭᠡ ᠳᠡᠭᠡᠨ 146 ᠲᠦᠮᠡᠨ ᠲᠣᠨ ᠨᠡᠭᠦᠷᠠᠰᠤ ᠮᠠᠯᠳᠠᠭᠰᠠᠨ ᠳᠡᠯᠡᠬᠡᠶ ᠶᠢᠨ ᠲᠡᠮᠳᠡᠭᠯᠡᠯ ᠢ ᠡᠭᠦᠳᠴᠦ᠂ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ | ᠲᠠᠯᠠᠪᠤᠷ ᠨᠢ 10 ᠰᠠᠷ᠎ᠠ ᠰᠠᠭᠠᠳ ᠥᠬᠡᠶ ᠦᠢᠯᠡᠳᠪᠦᠷᠢᠯᠡᠬᠦ ᠶᠢ ᠪᠡᠶᠡᠯᠡᠭᠦᠯᠪᠡ — ᠤᠤᠯ ᠤᠨ ᠪᠡᠶᠡᠯᠡᠭᠦᠯᠵᠦ ᠳᠡᠶᠢᠯᠬᠦ ᠥᠬᠡᠶ ᠭᠡᠵᠦ ᠠᠵᠢᠯ ᠲᠥᠷᠥᠯ ᠤᠨ ᠬᠢᠨ ᠤ | ᠦᠵᠡᠵᠦ ᠪᠠᠶᠢᠭᠰᠠᠨ ᠡᠨᠡ ᠬᠦ ᠬᠠᠷᠠᠯᠲᠠ ᠶᠢ ᠪᠡᠶᠡᠯᠡᠭᠦᠯᠦᠭᠰᠡᠨ ᠪᠠᠶᠢᠨ᠎ᠠ᠃ 2019 ᠣᠨ ᠤ 9 ᠰᠠᠷ᠎ᠠ ᠶᠢᠨ 4 ᠤ ᠡᠳᠦᠷ᠂ ᠳᠡᠯᠡᠬᠡᠶ ᠳᠡᠭᠡᠷᠡᠬᠢ ᠠᠩᠬᠠᠳᠠᠭᠴᠢ | ᠤᠨᠴᠠ ᠶᠡᠭᠡ ᠨᠡᠭᠦᠷᠡᠰᠦ ᠮᠠᠯᠲᠠᠬᠤ ᠬᠦᠨ ᠤ ᠬᠡᠮᠵᠢᠶ᠎ᠡ ᠶᠢᠨ ᠤᠶᠤᠨᠴᠢ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠲᠠᠯᠠᠪᠤᠷ ᠨᠢ ᠨᠡᠶᠢᠲᠡ 1800 ᠲᠦᠮᠡᠨ | ᠲᠣᠨ ᠨᠡᠭᠦᠷᠡᠰᠦ ᠶᠢ ᠠᠮᠤᠷ ᠲᠦᠪᠰᠢᠨ ᠦᠢᠯᠡᠳᠪᠦᠷᠢᠯᠡᠭᠰᠡᠨ ᠳᠡᠯᠡᠬᠡᠶ ᠶᠢᠨ ᠲᠡᠮᠳᠡᠭᠯᠡᠯ ᠢ ᠡᠭᠦᠳᠴᠦ᠂ ᠱᠠᠩ ᠸᠠᠨ ᠨᠡᠭᠦᠷᠡᠰᠦᠨ ᠠᠭᠤᠷᠬᠠᠶ ᠶᠢᠨ ᠨᠡᠭᠦᠷᠡᠰᠦ ᠮᠠᠯᠲᠠᠬᠰᠠᠨ | ᠬᠡᠮᠵᠢᠶ᠎ᠡ ᠪᠠᠷ ᠬᠠᠮᠤᠭ ᠤᠨ ᠦᠨᠳᠦᠷ᠂ ᠠᠵᠢᠯ ᠤᠨ ᠦᠷ᠎ᠡ ᠪᠦᠲᠦᠮᠵᠢ ᠪᠠᠷ ᠬᠠᠮᠤᠭ ᠤᠨ ᠰᠠᠶᠢᠨ᠂ ᠭᠠᠭᠴᠠ ᠬᠤᠳᠳᠤᠭ ᠲᠠᠯᠠᠪᠤᠷ ᠤᠨ ᠵᠢᠯ ᠤᠨ ᠭᠠᠷᠤᠯᠲᠠ ᠨᠢ | 1600 ᠲᠦᠮᠡᠨ ᠲᠣᠨ ᠤ ᠣᠨᠴᠠ ᠲᠠᠰ ᠤᠨ ᠠᠮᠤᠷ ᠲᠦᠪᠰᠢᠨ ᠥᠨᠳᠥᠷ ᠪᠦᠲᠦᠮᠵᠢᠲᠡᠶ ᠠᠭᠤᠷᠬᠠᠶ ᠪᠣᠯᠬᠤ ᠶᠢ ᠠᠮᠵᠢᠯᠲᠠ ᠲᠠᠢ ᠠᠬᠢᠭᠤᠯᠪᠠ᠃ ᠡᠨᠡ | ᠬᠤᠭᠤᠴᠠᠭᠠᠨ ᠳᠤ᠂ ᠬᠤ᠋ ᠶᠦᠩ ᠭᠠᠩ ᠤᠨ ᠤᠷᠤᠯᠴᠠᠵᠤ ᠨᠠᠶᠢᠷᠠᠭᠤᠯᠤᠨ ᠪᠢᠴᠢᠭᠰᠡᠨ ︽ᠬᠡᠲᠦ ᠶᠡᠭᠡ ᠨᠡᠭᠦᠷᠡᠰᠦ ᠮᠠᠯᠳᠠᠬᠤ ᠦᠨᠳᠦᠷ ᠤᠨ ᠬᠡᠮᠵᠢᠶ᠎ᠡ ᠲᠠᠢ | ᠶᠡᠷᠦᠩᠬᠡᠶᠢᠯᠡᠭᠰᠡᠨ ᠨᠡᠭᠦᠷᠡᠰᠦ ᠮᠠᠯᠳᠠᠬᠤ ᠠᠵᠢᠯ ᠤᠨ ᠳᠠᠯᠠᠪᠤᠷ ᠤᠨ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠮᠵᠢᠶ᠎ᠠ︾ ᠨᠢ | ᠨᠡᠭᠦᠷᠡᠰᠦᠨ ᠤ ᠠᠵᠢᠯ ᠲᠥᠷᠥᠯ ᠤᠨ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ᠂ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ᠂ ᠨᠠᠷᠢᠯᠢᠭ ᠪᠠᠶᠢᠴᠠᠭᠠᠨ | ᠰᠡᠯᠪᠢᠬᠦ᠂ ᠰᠢᠨ᠎ᠡ ᠶᠢ ᠡᠭᠦᠳᠦᠨ ᠦᠷ᠎ᠡ ᠪᠦᠲᠦᠮᠵᠢ ᠭᠠᠷᠭᠠᠬᠤ ᠵᠡᠷᠭᠡ ᠲᠠᠯ᠎ᠠ ᠳᠤ ᠪᠥᠬᠦ ᠲᠠᠯ᠎ᠠ ᠶᠢᠨ ᠳ᠋ᠦᠩᠨᠡᠯᠲᠡ ᠪᠠ ᠳᠡᠭᠡᠭᠰᠢᠯᠡᠬᠦᠯᠦᠯᠲᠡ ᠪᠠᠶᠢᠵᠤ᠂ ᠠᠵᠢᠯ | ᠲᠥᠷᠥᠯ ᠤᠨ ᠬᠢᠨ ᠳᠡᠭᠡᠨ ᠰᠠᠨᠠᠯ ᠨᠢᠭᠡᠳᠦᠯᠲᠡᠶ ᠨᠤᠲᠠᠯᠠᠭᠳᠠᠪᠠ᠃ 8.8 ᠮᠧᠳ᠋ᠷ ᠪᠦᠬᠦᠢ ᠤᠨᠴᠠ ᠶᠡᠭᠡ ᠨᠡᠭᠦᠷᠡᠰᠦ ᠮᠠᠯᠳᠠᠬᠤ ᠦᠨᠳᠦᠷ ᠤᠨ ᠬᠡᠮᠵᠢᠶ᠎ᠡ ᠲᠠᠢ ᠣᠶᠤᠨᠴᠢ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠳᠠᠯᠠᠪᠤᠷ ᠤᠨ ᠵᠢᠱᠢᠶ᠎ᠡ ᠦᠵᠡᠭᠦᠯᠬᠦ ᠢᠨᠵᠧᠨᠧᠷᠢᠩ ᠤᠨ ᠠᠮᠵᠢᠯᠲᠠ ᠲᠠᠢ ᠦᠢᠯᠡᠳᠦᠯᠭᠡ ᠨᠢ ᠤᠨᠴᠠ ᠵᠤᠵᠠᠭᠠᠨ | ᠨᠡᠭᠦᠷᠡᠰᠦᠨ ᠳᠠᠪᠬᠤᠷᠭ᠎ᠠ ᠶᠢ ᠨᠢᠭᠡ ᠯᠡ ᠤᠳᠠᠭ᠎ᠠ ᠳᠤ ᠮᠠᠯᠲᠠᠬᠤ ᠳᠤ ᠪᠠᠶᠠᠯᠢᠭ ᠲᠤᠷᠰᠢᠯᠭ᠎ᠠ ᠬᠤᠷᠠᠮᠳᠤᠭᠤᠯᠵᠤ᠂ ᠮᠠᠨ ᠤ ᠤᠯᠤᠰ ᠤᠨ ᠨᠡᠭᠦᠷᠡᠰᠦ ᠮᠠᠯᠲᠠᠬᠤ ᠲᠣᠨᠤᠭ | ᠲᠥᠬᠦᠭᠡᠷᠦᠮᠵᠢ ᠶᠢ ᠤᠯᠤᠰ ᠲᠠᠭᠠᠨ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠪᠠ᠃ ᠡᠨᠡ ᠨᠢ ᠮᠠᠨ ᠤ ᠤᠯᠤᠰ ᠤᠨ ᠨᠡᠭᠦᠷᠡᠰᠦ ᠮᠠᠯᠲᠠᠬᠤ ᠤᠷ᠎ᠠ ᠮᠡᠷᠭᠡᠰᠢᠯ ᠤᠨ | ᠨᠠᠩ ᠥᠨᠳᠥᠷ ᠲᠦᠪᠰᠢᠨ ᠳᠤ ᠭᠦᠷᠦᠭᠰᠡᠨ ᠢ ᠬᠠᠷᠠᠭᠤᠯᠪᠠ᠃ | ᠨᠡᠭᠦᠷᠡᠰᠦᠨ ᠠᠭᠤᠷᠬᠠᠢ ᠶᠢᠨ ᠡᠮᠦᠨ᠎ᠡ ᠹᠷᠣᠨᠲ ᠲᠤ᠂ ᠡᠯ᠎ᠡ ᠵᠦᠢᠯ ᠤᠨ ᠬᠦᠴᠢᠷ ᠪᠡᠷᠬᠡᠰᠢᠶᠡᠯ ᠪᠣᠯᠤᠨ ᠥᠷᠢᠰᠥᠯᠳᠦᠭᠡᠨ ᠲᠠᠰᠤᠷᠠᠯᠲᠠ ᠦᠭᠡᠢ ᠭᠠᠷᠴᠤ ᠪᠠᠶᠢᠳᠠᠭ | ᠪᠤᠯᠪᠠᠴᠤ ᠬᠤ᠋ ᠶᠦᠩ ᠭᠠᠩ ᠠᠬᠠᠮᠠᠳ ᠦᠶ᠎ᠡ ᠶᠢᠨ ︽ᠬᠥᠮᠦᠨ ᠳᠤ ᠬᠤᠶᠠᠷ ᠬᠤᠪᠢ ᠵᠠᠶᠠᠭ᠎ᠠ ᠪᠤᠢ᠂ ᠨᠢᠭᠡ ᠨᠢ ᠠᠮᠢ ᠨᠠᠰᠤ᠂ ᠨᠦᠬᠦᠭᠡ ᠨᠢ ᠡᠭᠦᠷᠭᠡ ᠬᠠᠷᠢᠭᠤᠴᠠᠯᠭ᠎ᠠ | ᠪᠤᠯᠤᠨ᠎ᠠ︾ ᠭᠡᠬᠦ ᠰᠤᠷᠭᠠᠯ ᠢ ᠬᠡᠵᠢᠶᠠᠳᠠ ᠰᠡᠳᠬᠢᠯ ᠳᠡᠭᠡᠨ ᠪᠤᠳᠤᠵᠤ ᠶᠠᠪᠤᠳᠠᠭ᠃ ᠬᠦᠴᠢᠷ ᠪᠡᠷᠬᠡᠰᠢᠶᠡᠯ ᠲᠤᠯᠭᠠᠷᠠᠬᠤ ᠪᠦᠷᠢ ᠲᠡᠷᠡ ᠠᠬᠠᠮᠠᠳ ᠦᠶ᠎ᠡ ᠶᠢᠨ ᠬᠢᠨ ᠤ | ᠦᠭᠡ ᠶᠢ ᠪᠤᠳᠤᠵᠤ᠂ ᠰᠡᠳᠭᠢᠴᠠ ᠪᠠᠨ ᠰᠢᠨᠡᠴᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠰᠠᠭᠤᠳᠠᠯ ᠢ ᠰᠢᠢᠳᠪᠦᠷᠢᠯᠡᠳᠡᠭ᠃ | 2015 ᠣᠨ ᠳᠤ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠬᠢ ᠳᠤᠮᠳᠠ ᠵᠤᠵᠠᠭᠠᠨ ᠵᠦᠭᠡᠯᠡᠨ ᠨᠡᠭᠦᠷᠡᠰᠦᠨ ᠳᠠᠪᠬᠤᠷᠭ᠎ᠠ ᠳᠤ ᠪᠧᠲ᠋ᠣᠨ | ᠴᠢᠳᠬᠤᠵᠤ ᠵᠠᠬ᠎ᠠ ᠪᠠᠷ ᠨᠢ ᠵᠠᠢ ᠦᠯᠡᠳᠡᠭᠡᠨ ᠨᠡᠭᠦᠷᠡᠰᠤ ᠮᠠᠯᠳᠠᠬᠤ ᠮᠡᠷᠭᠡᠵᠢᠯ ᠢ ᠬᠡᠷᠡᠭᠵᠢᠭᠦᠯᠬᠦ ᠬᠦᠨᠳᠦ ᠡᠭᠦᠷᠭᠡ ᠶᠢ ᠡᠭᠦᠷᠭᠡᠯᠡᠪᠡ᠂ ᠡᠨᠡ ᠪᠣᠯ ᠱᠠᠩ ᠸᠠᠨ ᠨᠡᠭᠦᠷᠡᠰᠦᠨ | ᠠᠭᠤᠷᠬᠠᠢ ᠠᠩᠬ᠎ᠠ ᠤᠳᠠᠭ᠎ᠠ ᠳᠤᠰ ᠮᠡᠷᠭᠡᠵᠢᠯ ᠢ ᠬᠡᠷᠡᠭᠯᠡᠵᠦ ᠪᠠᠶᠢᠭ᠎ᠠ ᠶᠠᠪᠤᠳᠠᠯ ᠪᠣᠯᠤᠨ᠎ᠠ᠂ ᠮᠥᠨ ᠴᠦ ᠱᠧᠨ ᠳ᠋ᠦᠩ ᠪᠦᠯᠦᠭᠯᠡᠯ ᠠᠩᠬ᠎ᠠ ᠤᠳᠠᠭ᠎ᠠ ᠲᠤᠷᠰᠢᠯᠲᠠ ᠶᠢᠨ | ᠪᠤᠰᠤ ᠴᠢᠨᠠᠷᠲᠠᠢ ᠪᠠᠷ ᠪᠧᠲ᠋ᠣᠨ ᠴᠢᠳᠬᠤᠵᠤ ᠵᠠᠬ᠎ᠠ ᠪᠠᠷ ᠨᠢ ᠵᠠᠢ ᠦᠯᠡᠳᠡᠭᠡᠨ ᠨᠡᠭᠦᠷᠡᠰᠦ ᠮᠠᠯᠲᠠᠵᠤ ᠪᠠᠶᠢᠭ᠎ᠠ ᠶᠠᠪᠤᠳᠠᠯ ᠪᠣᠯᠤᠨ᠎ᠠ᠃ ᠡᠯ᠎ᠡ ᠲᠥᠷᠥᠯ ᠤᠨ ᠠᠮᠤᠷ | ᠲᠦᠪᠰᠢᠨ ᠤ ᠬᠠᠮᠢᠶᠠᠷᠤᠯᠲᠠ ᠪᠠ ᠮᠡᠷᠭᠡᠵᠢᠯ ᠤᠨ ᠬᠦᠴᠢᠷ ᠠᠰᠠᠭᠤᠳᠠᠯ ᠤᠨ ᠡᠮᠦᠨ᠎ᠡ᠂ ᠬᠤ᠋ ᠶᠦᠩ ᠭᠠᠩ ᠠᠩᠭᠢ ᠶᠢᠨ ᠳᠣᠲᠣᠭᠠᠳᠤ ᠶᠢᠨ ᠠᠵᠢᠯ ᠳᠤ ᠢᠳᠡᠪᠬᠢᠲᠡᠶ | ᠬᠠᠮᠵᠢᠯᠴᠠᠵᠤ᠂ ᠰᠡᠳᠭᠢᠯ ᠰᠢᠭᠤᠳᠤᠨ ᠰᠤᠳᠤᠯᠤᠨ ᠰᠦᠪᠡᠭᠴᠢᠯᠡᠵᠦ᠂ ᠪᠧᠲ᠋ᠣᠨ ᠴᠢᠳᠬᠤᠬᠤ ᠲᠥᠰᠦᠯ ᠢ ᠲᠣᠭᠲᠠᠭᠠᠬᠤ ᠳᠤ ᠣᠷᠣᠯᠴᠠᠵᠤ᠂ ᠶᠡᠷᠦᠩᠬᠡᠶᠢᠯᠡᠭᠰᠡᠨ | ᠨᠡᠭᠦᠷᠡᠰᠦ ᠮᠠᠯᠲᠠᠬᠤ ᠠᠵᠢᠯ ᠤᠨ ᠲᠤᠬᠠᠶ ᠶᠢᠨ ᠲᠠᠯᠠᠪᠠᠶ ᠶᠢᠨ ᠠᠵᠢᠯᠯᠠᠬᠤ ᠣᠷᠴᠢᠨ ᠨᠥᠬᠦᠴᠡᠯ ᠢ ᠰᠠᠶᠢᠵᠢᠷᠠᠭᠤᠯᠤᠭᠰᠠᠨ ᠤ ᠬᠠᠮᠲᠤ ᠡᠯ᠎ᠡ ᠵᠦᠢᠯ ᠤᠨ ᠠᠵᠢᠯᠯᠠᠭ᠎ᠠ ᠶᠢ | ᠰᠢᠯᠢᠳᠡᠭᠵᠢᠭᠦᠯᠬᠦ ᠰᠠᠨᠠᠭᠤᠯᠭ᠎ᠠ ᠳᠤᠷᠠᠳᠴᠠᠶ᠃ ᠡᠴᠦᠰ ᠲᠡᠭᠡᠨ ᠪᠥᠬᠦ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ᠂ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ | ᠨᠢᠭᠡᠳᠦᠭᠡᠷ ᠠᠩᠭᠢ 3 ᠠᠵᠢᠯ ᠤᠨ ᠳᠠᠯᠠᠪᠤᠷ ᠲᠤ ᠲᠤᠰ ᠮᠡᠷᠭᠡᠵᠢᠯ ᠢ ᠠᠮᠵᠢᠯᠲᠠ ᠲᠠᠢ ᠬᠡᠷᠡᠭᠵᠢᠭᠦᠯᠵᠦ᠂ ᠡᠳᠦᠷ ᠲᠤ 15 ᠮᠧᠳ᠋ᠷ ᠠᠬᠢᠭᠤᠯᠤᠭᠰᠠᠨ ᠲᠡᠮᠳᠡᠭᠯᠡᠯ ᠢ | ᠡᠭᠦᠳᠴᠦ᠂ ᠤᠯᠤᠰ ᠤᠨ 2 ᠵᠦᠢᠯ ᠤᠨ ᠲᠤᠰᠬᠠᠶ ᠠᠰᠢᠭ ᠢ ᠭᠤᠶᠤᠴᠢᠯᠠᠨ ᠮᠡᠳᠡᠭᠦᠯᠵᠦ᠂ ᠦᠢᠯᠡᠳᠦᠯᠭᠡ ᠶᠢᠨ ᠲᠤᠷᠰᠢᠯᠭ᠎ᠠ ᠨᠢ ᠪᠥᠬᠦ ᠤᠯᠤᠰ ᠤᠨ ᠨᠡᠭᠦᠷᠡᠰᠦᠨ ᠤ | ᠠᠵᠢᠯ ᠲᠥᠷᠥᠯ ᠤᠨ ᠭᠤᠤᠯᠳᠠᠯᠭ᠎ᠠ ᠲᠠᠢ ᠳᠡᠯᠭᠡᠷᠡᠭᠦᠯᠬᠦ ᠲᠥᠷᠥᠯ ᠵᠦᠢᠯ ᠳᠤ ᠵᠢᠭᠰᠠᠭᠠᠭᠳᠠᠪᠠ᠃ | ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠩᠭᠢ ᠶᠢᠨ ᠡᠭᠡᠯᠵᠢ ᠳᠤᠭᠤᠶᠢᠯᠠᠩ ᠤᠨ ᠳᠠᠷᠤᠭ᠎ᠠ ᠪᠣᠯᠤᠭᠰᠠᠨ ᠤ ᠬᠤᠪᠢ ᠳᠤ᠂ ᠬᠤ᠋ ᠶᠦᠩ ᠭᠠᠩ ᠪᠦᠷᠢᠯᠳᠦᠭᠦᠨ ᠢᠶᠠᠨ | ᠵᠤᠷᠢᠭᠵᠢᠭᠤᠯᠤᠨ ᠬᠥᠲᠥᠯᠥᠨ ᠵᠢᠯᠣᠭᠤᠳᠴᠤ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠥᠭᠡᠳ ᠪᠡᠶ᠎ᠡ ᠪᠠᠷ ᠢᠶᠠᠨ ᠬᠡᠪ | ᠲᠠᠭᠤᠷᠢᠶᠠᠯ ᠦᠵᠡᠬᠦᠯᠳᠡᠭ᠃ 2020 ᠣᠨ ᠤ ᠪᠦᠬᠦ ᠣᠷᠣᠨ ᠤ ᠨᠡᠭᠦᠷᠡᠰᠦ ᠮᠠᠯᠲᠠᠬᠤ ᠮᠠᠰᠢᠨ ᠤ ᠤᠷ᠎ᠠ ᠮᠡᠷᠭᠡᠵᠢᠯ ᠤᠨ ᠤᠷᠤᠯᠳᠤᠭᠠᠨ ᠳᠤ ᠬᠤ᠋ ᠶᠦᠩ ᠭᠠᠩ ᠤᠷᠠᠨ | ᠨᠠᠷᠢᠨ ᠮᠡᠷᠭᠡᠵᠢᠯ ᠢᠶᠠᠷ ᠢᠶᠠᠨ ᠬᠤᠶᠠᠳᠤᠭᠠᠷ ᠲᠤ ᠣᠷᠣᠪᠠ᠃ ᠡᠳᠦᠷ ᠲᠤᠳᠤᠮ ᠤᠨ ᠠᠵᠢᠯ ᠠᠮᠢᠳᠤᠷᠠᠯ ᠤᠨ ᠳᠤᠮᠳᠠ᠂ ᠲᠡᠷᠡ ᠡᠭᠡᠯᠵᠢ ᠳᠤᠭᠤᠶᠢᠯᠠᠩ ᠤᠨ | ᠪᠦᠷᠢᠯᠳᠤᠬᠦᠨ ᠢᠶᠠᠨ ᠬᠠᠯᠠᠮᠵᠢᠯᠠᠵᠤ᠂ ᠰᠣᠷᠣᠭᠰᠠᠨ ᠤᠷ᠎ᠠ ᠴᠢᠳᠠᠪᠤᠷᠢ ᠪᠠ ᠲᠤᠷᠰᠢᠯᠭ᠎ᠠ ᠪᠠᠨ ᠤᠯᠠᠮᠵᠢᠯᠠᠨ ᠵᠢᠭᠠᠵᠤ᠂ ᠱᠠᠪᠢ ᠨᠠᠷ ᠤᠨ ᠢᠶᠠᠨ ᠬᠠᠶᠢᠷ᠎ᠠ ᠬᠦᠨᠳᠦᠳᠬᠡᠯ ᠢ | ᠣᠯᠣᠭᠰᠠᠨ ᠪᠠᠶᠢᠨ᠎ᠠ᠃ ᠲᠡᠷᠡ ᠡᠭᠡᠯᠵᠢ ᠳᠤᠭᠤᠶᠢᠯᠠᠩ ᠤᠨ ᠪᠦᠷᠢᠯᠳᠦᠭᠦᠨ ᠢᠶᠠᠨ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ︽ᠨᠠᠷᠢᠯᠢᠭ︾ ᠬᠠᠮᠢᠶᠠᠷᠤᠯᠲᠠ᠂ | ᠪᠠᠷᠢᠯᠭ᠎ᠠ ᠶᠢᠨ ᠶᠠᠰᠤ ᠴᠢᠨᠠᠷ ᠤᠨ ︽ᠨᠠᠷᠢᠯᠢᠭᠵᠢᠭᠤᠯᠤᠭᠰᠠᠨ︾ ᠬᠠᠮᠢᠶᠠᠷᠤᠨ ᠡᠵᠡᠮᠳᠡᠬᠦ ᠵᠡᠷᠭᠡ ᠲᠠᠯ᠎ᠠ ᠪᠠᠷ ᠦᠨᠡᠨ ᠬᠦ ᠶᠠᠪᠤᠭᠳᠠᠭᠤᠰᠢᠲᠠᠢ ᠳᠦᠷᠢᠮᠵᠢᠯ ᠤᠨ | ᠪᠠᠷᠢᠮᠵᠢᠶ᠎ᠠ ᠶᠢ ᠲᠣᠭᠲᠠᠭᠠᠵᠤ᠂ ᠡᠭᠡᠯᠵᠢ ᠳᠤᠭᠤᠶᠢᠯᠠᠩ ᠤᠨ ᠪᠦᠷᠢᠯᠳᠦᠭᠦᠨ ᠢ ᠬᠥᠲᠥᠯᠥᠨ ᠵᠢᠯᠤᠭᠤᠳᠴᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠣᠨ | ᠭᠡᠮ ᠰᠣᠭᠤᠭ ᠢ ᠵᠢᠭᠰᠠᠭᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠪᠡ᠃ ᠲᠡᠷᠡ ᠪᠠᠰᠠ ᠡᠭᠡᠯᠵᠢ ᠳᠤᠭᠤᠶᠢᠯᠠᠩ ᠤᠨ ᠰᠠᠭᠤᠷᠢ ᠪᠦᠲᠦᠭᠡᠨ ᠪᠠᠶᠢᠭᠤᠯᠤᠯᠲᠠ ᠶᠢ | ᠴᠢᠩᠭ᠎ᠠ ᠠᠳᠬᠤᠵᠤ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠶᠢᠳᠪᠦᠷᠢᠯᠡᠬᠦ ᠶᠠᠪᠤᠴᠠ ᠳᠤ ᠨᠢᠭᠡᠨ ᠢᠵᠢ ᠡᠭᠡᠯᠵᠢ ᠳᠤᠭᠤᠶᠢᠯᠠᠩ ᠤᠨ ᠣᠨᠴᠠᠯᠢᠭ ᠲᠠᠢ | ᠬᠠᠮᠢᠶᠠᠷᠤᠯᠲᠠ ᠶᠢᠨ ᠠᠷᠭ᠎ᠠ — ︽ᠲᠡᠷᠢᠭᠦᠨ ᠤ ᠡᠭᠡᠯᠵᠢ ᠳᠤᠭᠤᠶᠢᠯᠠᠩ︾ ᠤᠨ ᠬᠠᠮᠢᠶᠠᠷᠤᠯᠲᠠ ᠶᠢᠨ ᠠᠷᠭ᠎ᠠ ᠶᠢ ᠪᠦᠷᠢᠯᠳᠦᠭᠦᠯᠵᠦ᠂ ᠡᠭᠡᠯᠵᠢ ᠳᠤᠭᠤᠶᠢᠯᠠᠩ ᠢᠶᠠᠨ | ᠳᠠᠭᠠᠭᠤᠯᠤᠨ ᠰᠢᠯᠢᠳᠡᠭ ᠬᠢᠷᠢ ᠪᠦᠲᠦᠮᠵᠢ ᠪᠠᠷ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠵᠦᠢᠯ ᠤᠨ ᠦᠢᠯᠡᠳᠪᠦᠷᠢᠯᠡᠯ ᠤᠨ ᠡᠭᠦᠷᠭᠡ ᠶᠢ ᠪᠡᠶᠡᠯᠡᠭᠦᠯᠪᠡ᠃ | ᠦᠢᠯᠡᠳᠪᠦᠷᠢᠯᠡᠯ ᠤᠨ ᠶᠠᠪᠤᠴᠠ ᠳᠠᠬᠢ ᠠᠮᠤᠷ ᠲᠦᠪᠰᠢᠨ ᠤ ᠳᠠᠯᠳᠠ ᠬᠡᠮ ᠪᠣᠯᠣᠨ ᠲᠤᠨᠤᠭ ᠲᠥᠬᠦᠭᠡᠷᠦᠮᠵᠢ ᠶᠢᠨ ᠲᠤᠰ ᠪᠡᠶ᠎ᠡ ᠶᠢᠨ ᠪᠦᠲᠦᠴᠡ ᠶᠢᠨ ᠴᠢᠨᠠᠷᠲᠠᠢ | ᠠᠮᠤᠷ ᠲᠦᠪᠰᠢᠨ ᠤ ᠳᠤᠲᠠᠭᠳᠠᠯ ᠢ ᠰᠶᠢᠳᠪᠦᠷᠢᠯᠡᠬᠦ ᠶᠢᠨ ᠲᠦᠯᠦᠭᠡ᠂ ᠬᠤ᠋ ᠶᠦᠩ ᠭᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ | ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠢᠳᠡᠪᠬᠢᠲᠡᠢ ᠣᠷᠣᠯᠴᠠᠵᠤ᠂ ᠤᠯᠠᠨ ᠲᠦᠷᠦᠯ ᠤᠨ ᠵᠢᠵᠢᠭ | ᠥᠭᠡᠷᠡᠴᠢᠯᠡᠯᠲᠡ ᠶᠢᠨ ᠲᠦᠷᠦᠯ ᠵᠦᠢᠯ ᠳᠤ ᠤᠷᠤᠯᠴᠠᠨ ᠵᠢᠷᠤᠵᠤ ᠲᠦᠯᠦᠪᠯᠡᠵᠦ᠂ ᠡᠭᠦᠨ ᠤ ᠳᠣᠲᠣᠷᠠᠬᠢ 2 ᠲᠦᠷᠦᠯ ᠨᠢ ᠤᠯᠤᠰ ᠤᠨ ᠲᠤᠰᠬᠠᠢ ᠠᠰᠢᠭ ᠤᠨ | ᠡᠷᠬᠡ ᠶᠢ ᠭᠤᠶᠤᠴᠢᠯᠠᠨ ᠮᠡᠳᠡᠭᠦᠯᠵᠦ ᠪᠤᠢ᠃ | ︽ᠠᠮᠵᠢᠯᠲᠠ ᠪᠦᠲᠦᠮᠵᠢ ᠵᠦᠪᠭᠡᠨ ᠥᠩᠭᠡᠷᠡᠭᠰᠡᠨ ᠢ ᠲᠥᠯᠥᠭᠡᠯᠡᠨ᠎ᠡ᠂ ᠬᠤᠵᠢᠮ ᠢᠷᠡᠭᠡᠳᠦᠢ ᠳᠤ ᠦᠷᠭᠦᠯᠵᠢᠯᠡᠨ ᠴᠢᠷᠮᠠᠶᠢᠨ᠎ᠠ︾᠃ ᠡᠨᠡ ᠵᠢᠯ ᠤᠨ ︽5 · 1︾ | ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠬᠤ᠋ ᠶᠦᠩ ᠭᠠᠩ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠᠷ | ᠦᠨᠡᠯᠡᠭᠳᠡᠪᠡ᠃ ᠰᠢᠨ᠎ᠡ ᠴᠠᠭ ᠦᠶ᠎ᠡ ᠶᠢᠨ ᠨᠡᠭᠦᠷᠡᠰᠦᠨ ᠠᠭᠤᠷᠬᠠᠢ ᠶᠢᠨ ᠠᠵᠢᠯᠴᠢᠳ ᠤᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠰᠢᠨ᠎ᠡ ᠶᠢ ᠡᠭᠦᠳᠦᠨ | ᠰᠦᠪᠡᠭᠴᠢᠯᠡᠬᠦ ᠡᠷᠬᠢᠮ ᠨᠠᠨᠳᠢᠨ ᠵᠣᠷᠢᠭ ᠰᠠᠨᠠᠭ᠎ᠠ ᠨᠢ ᠨᠡᠩ ᠤᠯᠠᠨ ᠵᠠᠯᠠᠭᠤ ᠬᠥᠳᠡᠯᠮᠦᠷᠢᠴᠢᠳ ᠤᠨ ᠲᠠᠰᠤᠷᠠᠯᠲᠠ ᠦᠭᠡᠢ ᠰᠢᠨ᠎ᠡ ᠥᠨᠳᠥᠷᠴᠡ ᠶᠢ ᠬᠥᠭᠡᠭᠡᠴᠡᠯᠳᠦᠬᠦ᠂ | ᠰᠢᠨ᠎ᠡ ᠦᠷᠳᠡᠭ ᠢᠶᠠᠨ ᠢᠯᠡᠷᠡᠭᠦᠯᠬᠦ ᠶᠢ ᠤᠷᠮᠠᠰᠢᠭᠤᠯᠤᠨ ᠵᠣᠷᠢᠭᠵᠢᠭᠤᠯᠤᠨ᠎ᠠ᠃ | | |