ᠤᠷᠠᠳ ᠤᠨ ᠳᠤᠮᠳᠠᠳᠤ ᠬᠤᠰᠢᠭᠤ ᠪᠤᠭᠤᠳᠠᠶ ᠶᠢᠨ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢᠨ ᠲᠤᠷᠰᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/4/3
      ᠬᠡᠪ ᠤᠨ ᠪᠣᠷᠳᠣᠭᠤᠷ ᠣᠷᠣᠭᠤᠯᠬᠤ ᠪᠠ ᠨᠠᠶᠢᠷᠠᠯᠭ᠎ᠠ ᠲᠠᠢ ᠪᠤᠷᠳᠤᠭᠤᠷ ᠣᠷᠣᠭᠤᠯᠬᠤ ᠬᠤᠶᠠᠷ ᠵᠦᠢᠯ ᠤᠨ ᠪᠤᠷᠳᠤᠭᠤᠷ ᠣᠷᠣᠭᠤᠯᠬᠤ ᠵᠠᠭᠪᠤᠷ ᠨᠢ ᠪᠤᠷᠳᠤᠭᠤᠷ ᠤᠨ ᠠᠰᠢᠭᠯᠠᠯᠲᠠ ᠶᠢᠨ ᠨᠤᠷᠮ᠎ᠠ  ᠳᠤ ᠦᠵᠡᠭᠦᠯᠬᠦ  ᠨᠦᠯᠦᠭᠡ ᠶᠢ ᠬᠠᠷᠢᠴᠠᠭᠣᠯᠬᠣ ᠶᠢᠨ ᠲᠥᠯᠥᠭᠡ᠂ 3 ᠰᠠᠷ᠎ᠠ ᠶᠢᠨ 27 ᠤ ᠡᠳᠦᠷ ᠲᠠᠷᠢᠶᠠᠯᠠᠩ ᠤᠨ ᠬᠥᠭᠵᠢᠭᠦᠯᠦᠯᠲᠡ ᠶᠢᠨ ᠲᠥᠪ ᠤᠨ ᠮᠡᠷᠭᠡᠵᠢᠯ ᠤᠨ ᠠᠵᠢᠯᠲᠠᠳ ᠦᠵᠦᠭᠦᠷ ᠭᠤᠣᠯ ᠪᠠᠯᠭᠠᠰᠤᠨ ᠳᠤ ᠪᠤᠭᠤᠳᠠᠢ ᠶᠢᠨ ᠪᠤᠷᠳᠤᠭᠤᠷ ᠤᠨ ᠠᠰᠢᠭᠯᠠᠯᠲᠠ ᠶᠢᠨ ᠨᠣᠷᠮ᠎ᠠ ᠶᠢᠨ ᠲᠤᠷᠰᠢᠯᠲᠠ ᠬᠢᠵᠦ᠂ 5 ᠰᠢᠢᠳᠪᠦᠷᠢᠯᠡᠬᠦ ᠭᠠᠵᠠᠷ ᠤᠨ ᠲᠣᠭᠤᠷᠢᠭ ︵ᠬᠤᠭᠤᠰᠣᠨ ᠭᠠᠵᠠᠷ ᠂ ᠠᠽᠣᠲ ᠦᠭᠡᠢ ᠭᠠᠵᠠᠷ ᠂ ᠹᠣᠰᠹᠣᠷ ᠦᠭᠡᠢ ᠭᠠᠵᠠᠷ ᠂ ᠺᠠᠯᠢ ᠦᠭᠡᠢ ᠭᠠᠵᠠᠷ ᠂ ᠠᠽᠣᠲ ᠹᠣᠰᠹᠣᠷ ᠺᠠᠯᠢ ᠶᠢᠨ ᠭᠠᠵᠠᠷ ︶  ᠢ ᠭᠠᠷᠭᠠᠵᠤ᠂ ᠭᠠᠵᠠᠷ ᠤᠨ ᠲᠣᠭᠤᠷᠢᠭ ᠪᠦᠷᠢ ᠶᠢ 52 ᠲᠡᠭᠰᠢ ᠳᠥᠷᠪᠡᠯᠵᠢᠨ ᠮᠧ᠊ᠲ᠋‍ᠷ ᠂ ᠡᠯ᠎ᠡ ᠲᠣᠭᠤᠷᠢᠭ ᠲᠤ ᠪᠣᠷᠳᠣᠭᠤᠷ ᠣᠷᠣᠭᠤᠯᠬᠤ ᠠᠷᠭ᠎ᠠ ᠬᠡᠮᠵᠢᠶ᠎ᠡ ᠨᠢ ᠠᠳᠠᠯᠢ ᠪᠤᠰᠤ ᠠᠴᠠ ᠭᠠᠳᠠᠨ᠎ᠠ᠂ ᠤᠰᠤᠯᠠᠯᠲᠠ᠂ ᠡᠪᠡᠰᠦ ᠠᠷᠢᠯᠭᠠᠬᠤ᠂ ᠡᠪᠡᠳᠴᠢᠨ ᠬᠤᠷᠣᠬᠠᠢ ᠶᠢ ᠰᠡᠷᠭᠡᠶᠢᠯᠡᠨ ᠵᠠᠰᠠᠬᠤ ᠵᠡᠷᠭᠡ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠴᠥᠮ ᠠᠳᠠᠯᠢ ᠪᠥᠭᠡᠳ ᠲᠤᠬᠠᠢ ᠶᠢᠨ ᠭᠠᠵᠠᠷ ᠤᠨ ᠦᠢᠯᠡᠳᠪᠦᠷᠢᠯᠡᠯ ᠤᠨ ᠳᠠᠳᠬᠠᠯ ᠲᠠᠢ ᠨᠡᠶᠢᠴᠡᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳ᠋ᠥ ᠮᠡᠷᠭᠡᠵᠢᠯ ᠤᠨ ᠠᠵᠢᠯᠲᠠᠳ ᠪᠤᠭᠤᠳᠠᠢ ᠶᠢᠨ ᠤᠷᠭᠤᠯᠲᠠ ᠶᠢᠨ ᠠᠳᠠᠯᠢ ᠪᠤᠰᠤ ᠴᠠᠭ ᠬᠤᠭᠤᠴᠠᠭ᠎ᠠ ᠶᠢ ᠦᠨᠳᠦᠰᠦᠯᠡᠨ ᠲᠡᠭᠦᠨ ᠳᠤ ᠵᠣᠬᠢᠬᠤ ᠪᠤᠲᠠᠯᠢᠭ ᠪᠣᠷᠳᠣᠭᠤᠷ ᠣᠷᠣᠭᠤᠯᠵᠣ ᠂ ᠲᠠᠷᠢᠶᠠᠨ ᠭᠠᠵᠠᠷ ᠢ ᠠᠵᠢᠭᠯᠠᠨ ᠲᠡᠮᠳᠡᠭᠯᠡᠬᠦ᠂ ᠤᠨᠠᠯᠲᠠ ᠶᠢ ᠬᠡᠮᠵᠢᠬᠦ᠂ ᠬᠥᠷᠥᠰᠥ ᠰᠢᠷᠣᠢ ᠵᠢᠴᠢ ᠤᠷᠭᠤᠮᠠᠯ ᠢ ᠰᠢᠯᠭᠠᠨ ᠪᠠᠶᠢᠴᠠᠭᠠᠬᠤ ᠵᠡᠷᠭᠡ ᠠᠵᠢᠯ ᠢ ᠬᠢᠬᠦ ᠪᠣᠯᠤᠨ᠎ᠠ᠃ ᠲᠠᠷᠢᠶᠠᠨ ᠭᠠᠵᠠᠷ ᠤᠨ ᠲᠤᠷᠰᠢᠯᠲᠠ ᠪᠠᠷ ᠳᠠᠮᠵᠢᠭᠤᠯᠤᠨ ᠲᠠᠷᠢᠶᠠᠴᠢᠳ ᠲᠤ ᠰᠢᠨᠵᠢᠯᠡᠬᠦ ᠤᠬᠠᠭᠠᠨᠴᠢ ᠪᠣᠷᠳᠣᠭᠤᠷ ᠣᠷᠣᠭᠤᠯᠬᠤ ᠵᠢᠯᠣᠭᠤᠳᠤᠯᠭ᠎ᠠ ᠵᠢᠴᠢ ᠪᠤᠭᠤᠳᠠᠶ ᠶᠢᠨ ᠰᠢᠮ᠎ᠡ ᠲᠡᠵᠢᠭᠡᠯ ᠰᠢᠩᠭᠡᠭᠡᠬᠦ ᠬᠡᠮᠵᠢᠶ᠎ᠡ ᠪᠠ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠵᠡᠷᠭᠡ ᠪᠣᠯᠵᠣᠯᠲᠤ ᠲᠤᠭ᠎ᠠ ᠶᠢ ᠬᠠᠩᠭᠠᠵᠤ᠂ ᠲᠤᠰ ᠭᠠᠵᠠᠷ ᠣᠷᠣᠨ ᠳᠤ ᠲᠠᠷᠢᠵᠤ ᠤᠷᠭᠤᠭᠤᠯᠬᠤ ᠳᠤ ᠲᠣᠬᠢᠷᠠᠬᠤ ᠪᠣᠷᠳᠣᠭᠤᠷ ᠣᠷᠣᠭᠤᠯᠬᠤ ᠵᠠᠭᠪᠤᠷ ᠢ ᠳ᠋ᠦᠩᠨᠡᠨ ᠭᠠᠷᠭᠠᠵᠤ᠂ ᠪᠣᠷᠳᠣᠭᠤᠷ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠳᠤ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠶᠢ ᠬᠠᠩᠭᠠᠬᠤ ᠪᠣᠯᠣᠨ᠎ᠠ ᠃ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ