ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ᠨᠢᠭᠡ ᠳᠤ᠂《ᠰᠠᠨᠠᠭᠠᠨ ᠳᠤ ᠲᠠᠭᠠᠷᠠᠭᠰᠠᠨ 》ᠦᠶᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ | ᠥᠨᠳᠥᠷ ᠳᠠᠪᠲᠠᠮᠵᠢᠲᠤ ᠵᠦᠶᠯᠡᠰ ᠤᠨ ᠪᠥᠬᠦ ᠶᠠᠪᠤᠴᠠ ᠶᠢᠨ ᠡᠯᠧᠺᠲᠷᠤᠨᠵᠢᠯᠳᠡ ᠶᠢ ᠠᠬᠢᠭᠤᠯᠵᠤ᠂《 ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ + | ᠣᠶᠤᠨᠴᠢ ᠦᠶᠯᠡᠴᠢᠯᠡᠭᠡ 》 ᠶᠢᠨ ᠵᠠᠭᠪᠤᠷ ᠢ ᠪᠣᠶ ᠪᠣᠯᠭᠠᠨ᠂ ᠠᠯᠢᠪᠠ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ ᠵᠦᠶᠯᠡᠰ ᠢ ᠨᠢᠭᠡ ᠲᠠᠪᠴᠠᠩ ᠳᠤ《 ᠨᠢᠭᠡ | ᠳᠠᠷᠤᠪᠴᠢ ᠪᠠᠷ ᠭᠦᠶᠴᠡᠳᠬᠡᠬᠦ 》 ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢ ᠢᠯᠡᠭᠦᠦ ᠬᠡᠷᠡᠭᠯᠡᠨ᠂ ᠣᠯᠠᠨ ᠲᠦᠮᠡᠨ ᠢ ᠳᠤᠲᠠᠭᠤ ᠭᠦᠶᠦᠯᠭᠡᠨ᠎ᠡ᠃ | ᠬᠤᠶᠠᠷ ᠲᠤ᠂《 Al + ᠵᠠᠰᠠᠭ ᠤᠨ ᠶᠠᠪᠤᠳᠠᠯ ᠤᠨ ᠦᠢᠯᠡᠴᠢᠯᠡᠭᠡᠨ 》 ᠤ ᠵᠠᠭᠪᠤᠷ ᠤᠨ ᠰᠢᠨ᠎ᠡ ᠶᠢ ᠡᠭᠦᠳᠦᠨ᠎ᠡ᠃ | 《 AI + ᠵᠠᠰᠠᠭ ᠤᠨ ᠶᠠᠪᠤᠳᠠᠯ ᠤᠨ ᠦᠢᠯᠡᠴᠢᠯᠡᠭᠡᠨ 》 ᠤ ᠵᠠᠭᠪᠤᠷ ᠢ ᠲᠦᠷᠭᠡᠳᠬᠡᠨ ᠨᠡᠭᠡᠭᠡᠨ ᠬᠥᠭᠵᠢᠭᠦᠯᠵᠦ᠂《ᠣᠶᠤᠨᠴᠢ ᠪᠠᠷ ᠳᠠᠭᠠᠭᠤᠯᠤᠨ ᠭᠦᠶᠴᠡᠳᠬᠡᠬᠦ | — ᠪᠢᠴᠢᠭ ᠮᠠᠲ᠋ᠧᠷᠢᠶᠠᠯ ᠢ ᠦᠪᠡᠷᠲᠡᠭᠡᠨ ᠪᠡᠶᠡᠴᠢᠯᠡᠨ ᠪᠠᠶᠢᠴᠠᠭᠠᠬᠤ — AI ᠪᠠᠷ ᠤᠷᠢᠳᠴᠢᠯᠠᠨ ᠬᠢᠨᠠᠬᠤ — ᠬᠥᠮᠦᠨ ᠤ ᠬᠦᠴᠦ ᠪᠠᠷ ᠬᠢᠨᠠᠨ | ᠪᠠᠶᠢᠴᠠᠭᠠᠵᠤ ᠰᠢᠯᠭᠠᠨ ᠵᠥᠪᠰᠢᠶᠡᠷᠡᠬᠦ 》ᠳᠥᠷᠪᠡᠨ ᠳᠡᠰ ᠤᠨ ᠦᠶᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢᠨ | ᠲᠠᠰ ᠳᠡᠪᠰᠢᠬᠦ ᠶᠢ ᠠᠬᠢᠭᠤᠯᠤᠨ᠎ᠠ᠃ | ᠭᠤᠷᠪᠠ ᠳᠤ᠂《 ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠢᠴᠡᠳᠭᠡᠬᠦ 》ᠥᠭᠡᠷᠡᠴᠢᠯᠡᠯᠲᠡ ᠶᠢ ᠠᠬᠢᠭᠤᠯᠤᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂《 ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠢᠴᠡᠳᠭᠡᠬᠦ 》 ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠶᠠᠪᠤᠴᠠ ᠪᠠᠷ ᠪᠢᠲᠡᠭᠦᠮᠵᠢᠯᠡᠭᠰᠡᠨ | ᠬᠠᠮᠢᠶᠠᠷᠤᠯᠲᠠ ᠶᠢ ᠪᠦᠷᠢᠯᠳᠦᠭᠦᠯᠵᠦ᠂《 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠤᠭᠤᠯᠪᠠᠰᠤ ᠵᠣᠬᠢᠬᠤ ᠦᠢᠯᠡᠴᠢᠯᠡᠭᠡ ᠶᠢ ᠪᠦᠬᠦᠨ ᠢ ᠣᠷᠣᠭᠤᠯᠬᠤ 》ᠪᠠ | ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠶᠡᠭᠡ ᠲᠢᠩᠬᠢᠮ ᠤᠨ ᠭᠠᠳᠠᠨ᠎ᠠ ᠬᠢᠨᠠᠨ ᠵᠥᠪᠰᠢᠶᠡᠷᠡᠯ ᠤᠨ ᠭᠠᠷᠳᠠᠮ ᠭᠦᠢᠴᠡᠳᠭᠡᠬᠦ ᠦᠭᠡᠢ ᠪᠠᠶᠢᠬᠤ ᠶᠢ | ᠪᠡᠶᠡᠯᠡᠭᠦᠯᠦᠨ᠎ᠡ᠃ | ᠳᠥᠷᠪᠡ ᠳᠤ᠂《 ᠲᠡᠷᠡ ᠳᠠᠷᠤᠢ ᠳᠤ ᠨᠢ ᠭᠦᠶᠴᠡᠳᠬᠡᠬᠦ 》 ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | 《 ᠲᠡᠷᠡ ᠳᠠᠷᠤᠢ ᠳᠤ ᠨᠢ ᠭᠦᠶᠴᠡᠳᠬᠡᠬᠦ 》ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ 1 ᠮᠢᠨᠦ᠋ᠲ ᠤᠨ ᠳᠣᠳᠤᠷ᠎ᠠ ᠭᠥᠯᠢᠶᠡᠨ ᠠᠪᠴᠣ ᠵᠣᠴᠢᠯᠠᠨ᠂ | 3 ᠴᠠᠭ ᠤᠨ ᠳᠣᠲᠤᠷ᠎ᠠ ᠬᠠᠷᠢᠭᠤ ᠲᠣᠰᠬᠠᠨ᠂ 5 ᠡᠳᠦᠷ ᠤᠨ ᠳᠣᠲᠤᠷ᠎ᠠ ᠭᠦᠢᠴᠡᠳᠭᠡᠨ ᠳᠠᠭᠤᠰᠬᠠᠵᠤ᠂ 30 ᠡᠳᠦᠷ ᠲᠤ ᠬᠠᠷᠢᠭᠤ ᠰᠤᠷᠪᠤᠯᠵᠢᠯᠠᠬᠤ | 《 13530 》 ᠤᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠲᠦᠷᠭᠡᠨ ᠰᠢᠶᠳᠪᠦᠷᠢᠯᠡᠬᠦ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠠᠰᠠᠭᠤᠳᠠᠯ | ᠳᠤᠷᠠᠳᠬᠤ᠂ ᠠᠵᠤ ᠠᠬᠤᠶᠢᠯᠠᠯ ᠤᠨ ᠱᠠᠭᠠᠷᠳᠠᠯᠭ᠎ᠠ ᠲᠠᠯᠪᠢᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠲᠡᠷᠡ ᠳᠠᠷᠤᠢ ᠳᠤ ᠨᠢ ᠭᠦᠶᠴᠡᠳᠬᠡᠬᠦ᠂ ᠵᠠᠪᠠᠯ | ᠰᠠᠶᠢᠲᠤᠷ ᠭᠦᠢᠴᠡᠳᠭᠡᠬᠦ ᠶᠢ ᠲᠦᠯᠬᠢᠨ ᠠᠬᠢᠭᠤᠯᠵᠤ ᠪᠡᠶᠡᠯᠡᠭᠦᠯᠦᠨ᠎ᠡ᠃ | ᠲᠠᠪᠤ ᠳᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠰᠢᠭᠤᠳ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ᠎ᠠ᠃ | ᠠᠵᠤ ᠠᠬᠤᠶᠢᠯᠠᠯ ᠲᠠᠢ ᠬᠤᠯᠪᠣᠭᠳᠠᠭᠰᠠᠨ ᠦᠶᠯᠡᠴᠢᠯᠡᠭᠡ ᠶᠢ ᠨᠢᠭᠡ ᠴᠣᠭᠴᠠᠵᠢᠭᠤᠯᠬᠤ ᠲᠠᠪᠴᠠᠩ ᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠵᠠᠬ᠎ᠠ ᠳᠡᠯᠭᠡᠭᠦᠷ | ᠤᠨ ᠭᠤᠤᠯ ᠴᠣᠭᠴᠠ ᠲᠠᠢ ᠬᠤᠯᠪᠣᠭᠳᠠᠭᠰᠠᠨ ᠠᠵᠤ ᠦᠶᠯᠡᠰ᠂ ᠭᠠᠶᠢᠯᠢ ᠰᠦᠶᠳᠬᠡᠯ᠂ ᠪᠠᠯᠠ ᠮᠦᠩᠭᠦ ᠶᠢᠨ ᠲᠣᠬᠢᠷᠠᠭᠤᠯᠭ᠎ᠠ᠂ ᠱᠠᠩᠨᠠᠯ ᠨᠥᠬᠦᠪᠥᠷᠢ᠂ ᠴᠢᠳᠠᠪᠤᠷᠢᠲᠠᠨ | ᠵᠡᠷᠭᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠠᠮᠢᠶ᠎ᠠ ᠪᠥᠬᠦᠶ ᠪᠠᠷᠢᠮᠵᠢᠶ᠎ᠠ ᠪᠠ ᠳᠦᠷᠢᠮᠵᠢᠯ ᠶᠣᠰᠣᠭᠠᠷ ᠨᠢᠭᠡᠳᠦᠯᠲᠡᠶ ᠲᠠᠪᠴᠠᠩ ᠳᠤ ᠲᠥᠪᠯᠡᠷᠡᠭᠦᠯᠵᠦ᠂ | ᠭᠠᠶᠢᠯᠢ ᠰᠦᠶᠳᠬᠡᠯ ᠢ ᠬᠥᠩᠭᠡᠯᠡᠵᠦ ᠪᠠᠭᠤᠷᠠᠭᠤᠯᠬᠤ᠂ ᠠᠵᠤ ᠠᠬᠤᠶᠢᠯᠠᠯ ᠢ ᠬᠠᠪᠰᠣᠷᠤᠨ ᠠᠰᠠᠭᠤᠳᠠᠯ ᠢ ᠰᠢᠢᠳᠪᠦᠷᠢᠯᠡᠬᠦ ᠶᠢ ᠰᠢᠭᠤᠳ ᠰᠢᠯᠤᠭᠤᠨ ᠡᠳ᠋ᠯᠡᠭᠦᠯᠬᠦ ᠶᠢ | ᠠᠬᠢᠭᠤᠯᠪᠠ᠃ | ᠵᠢᠷᠭᠤᠭ᠎ᠠ ᠳᠤ᠂ ᠠᠵᠤ ᠠᠬᠤᠶᠢᠯᠠᠯ ᠢ ᠳᠡᠮᠵᠢᠨ ᠲᠤᠰᠠᠯᠠᠬᠤ ᠡᠩᠨᠡᠭᠡ ᠶᠢ ᠪᠠᠶᠢᠭᠤᠯᠤᠨ᠎ᠠ᠃ | 《 ᠨᠢᠭᠡ ᠠᠵᠤ ᠠᠬᠤᠶᠢᠯᠠᠯ ᠨᠢᠭᠡ ᠲᠥᠷᠥ ᠶᠢᠨ ᠪᠣᠳᠣᠯᠭ᠎ᠠ 》 ᠶᠢᠨ ᠲᠥᠰᠦᠯ᠂ ᠲᠥᠷᠥᠯ ᠵᠦᠶᠯ ᠤᠨ ᠰᠡᠳᠦᠪ ᠲᠣᠭᠲᠠᠭᠠᠬᠤ ᠠᠴᠠ ᠠᠪᠤᠭᠠᠳ ᠪᠠᠷᠢᠯᠭ᠎ᠠ ᠶᠢᠨ | ᠠᠵᠢᠯ ᠢ ᠡᠬᠢᠯᠡᠬᠦᠯᠬᠦ ᠶᠢ ᠬᠢᠨᠠᠨ ᠵᠥᠪᠰᠢᠶᠡᠷᠡᠬᠦ ᠬᠦᠷᠲᠡᠯᠡᠬᠢ ᠪᠥᠬᠦ ᠶᠠᠪᠤᠴᠠ ᠳᠤ᠂ ᠪᠥᠬᠦ ᠬᠦᠴᠦᠨ ᠵᠦᠶᠯ ᠤᠨ ᠪᠠᠲᠤᠯᠠᠭ᠎ᠠ ᠶᠢᠨ ᠦᠶᠯᠡᠴᠢᠯᠡᠭᠡ ᠬᠠᠩᠭᠠᠬᠤ ᠬᠡᠷᠡᠭᠲᠡᠶ᠃ | ᠳᠣᠯᠤᠭ᠎ᠠ ᠳᠤ᠂ ᠠᠵᠤ ᠠᠬᠤᠶᠢᠯᠠᠯ ᠤᠨ ᠦᠶᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠠᠵᠤ ᠠᠬᠤᠶᠢᠯᠠᠯ ᠤᠨ ᠦᠶᠯᠡᠴᠢᠯᠡᠭᠡᠨ ᠤ ᠲᠥᠪ ᠬᠢᠭᠡᠳ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠨᠢᠭᠡᠳᠦᠯᠲᠡᠶ ᠲᠥᠯᠥᠪᠯᠡᠨ ᠠᠭᠤᠰᠤᠯᠴᠠᠬᠤ ᠶᠢ | ᠠᠬᠢᠭᠤᠯᠵᠤ᠂ ᠲᠤᠭ᠎ᠠ ᠪᠠᠷᠢᠮᠲᠠ ᠪᠠᠷ ᠬᠥᠳᠡᠯᠭᠡᠭᠦᠷ ᠪᠣᠯᠭᠠᠬᠤ ᠪᠠᠷ ᠲᠤᠯᠭᠠᠭᠤᠷᠢᠯᠠᠯ ᠪᠣᠯᠭᠠᠨ᠂ ᠠᠵᠤ ᠠᠬᠤᠶᠢᠯᠠᠯ ᠤᠨ ᠡᠯ᠎ᠡ ᠲᠥᠷᠥᠯ ᠤᠨ ᠬᠡᠷᠡᠭᠴᠡᠭᠡ ᠱᠠᠭᠠᠷᠳᠠᠯᠭ᠎ᠠ | ᠳᠤ ᠲᠦᠷᠭᠡᠨ ᠬᠠᠷᠢᠭᠤ ᠦᠭᠬᠦ ᠶᠢᠨ ᠬᠠᠮᠲᠤ ᠪᠦᠲᠦᠮᠵᠢᠲᠡᠶ ᠰᠢᠶᠳᠪᠦᠷᠢᠯᠡᠵᠦ᠂ ᠰᠠᠯᠠᠭ᠎ᠠ ᠮᠥᠴᠢᠷ ᠤᠳ ᠤᠨ ᠬᠠᠮᠵᠢᠯᠴᠠᠨ ᠬᠠᠮᠲᠤᠷᠠᠯᠴᠠᠭᠰᠠᠨ᠂ ᠪᠦᠬᠦᠯᠢ ᠴᠣᠭᠴᠠ ᠪᠠᠷ | ᠢᠶᠠᠨ ᠬᠤᠯᠪᠣᠭᠠᠯᠠᠨ ᠬᠥᠳᠡᠯᠦᠯᠴᠡᠵᠦ ᠥᠨᠳᠥᠷ ᠦᠷ᠎ᠡ ᠪᠦᠲᠦᠮᠵᠢᠲᠡᠶ ᠠᠵᠢᠯᠯᠠᠭᠰᠠᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠠᠭᠤᠰᠤᠯᠴᠠᠨ | ᠬᠥᠭᠵᠢᠭᠰᠡᠨ ᠠᠵᠤ ᠠᠬᠤᠶᠢᠯᠠᠯ ᠲᠠᠢ ᠬᠤᠯᠪᠣᠭᠳᠠᠭᠰᠠᠨ ᠦᠶᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠤᠨ᠎ᠠ᠃ | ᠨᠠᠶᠮᠠ ᠳᠤ᠂ ᠵᠠᠰᠠᠭ ᠠᠵᠤ ᠠᠬᠤᠶᠢᠯᠠᠯ ᠤᠨ ᠦᠨᠡᠨᠴᠢ ᠪᠠᠷ ᠵᠦᠪᠳᠡᠯᠴᠡᠨ ᠶᠠᠷᠢᠯᠴᠠᠬᠤ ᠲᠣᠭᠲᠠᠴᠠ ᠶᠢ ᠪᠠᠶᠢᠭᠤᠯᠤᠨ᠎ᠠ᠃ | 《 ᠠᠵᠤ ᠠᠬᠤᠶᠢᠯᠠᠯ ᠢ ᠳᠡᠮᠵᠢᠨ ᠲᠤᠰᠠᠯᠠᠵᠤ ᠰᠢᠭᠤᠳ ᠨᠡᠪᠲᠡᠷᠡᠭᠦᠯᠬᠦ 》ᠵᠠᠰᠠᠭ ᠠᠵᠤ ᠠᠬᠤᠶᠢᠯᠠᠯ ᠤᠨ ᠵᠦᠪᠳᠡᠯᠴᠡᠨ ᠶᠠᠷᠢᠯᠴᠠᠬᠤ ᠬᠤᠷᠠᠯ ᠢ ᠲᠣᠭᠲᠠᠮᠠᠯ | ᠬᠤᠭᠤᠴᠠᠭ᠎ᠠ ᠲᠠᠢ ᠪᠠᠷ ᠬᠤᠷᠠᠯᠳᠤᠭᠤᠯᠵᠤ᠂《 ᠠᠰᠠᠭᠤᠳᠠᠯ ᠤᠨ ᠨᠠᠷᠢᠨ ᠲᠠᠩᠰᠠ — ᠬᠠᠷᠢᠭᠤᠴᠠᠯᠭ᠎ᠠ ᠶᠢᠨ ᠨᠠᠷᠢᠨ ᠲᠠᠩᠰᠠ — ᠠᠵᠢᠯ ᠤᠨ ᠠᠬᠢᠴᠠ | ᠶᠢᠨ ᠨᠠᠷᠢᠨ ᠲᠠᠩᠰᠠ 》 ᠶᠢᠨ ᠬᠥᠳᠡᠯᠦᠩᠭᠦᠶ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ 《 ᠲᠤᠰᠬᠠᠶ ᠠᠩᠭᠢ ᠬᠠᠷᠢᠭᠤᠴᠠᠵᠤ᠂ ᠲᠤᠰᠬᠠᠶ ᠬᠥᠮᠦᠨ | ᠠᠩᠬᠠᠷᠤᠨ ᠭᠦᠶᠴᠡᠳᠬᠡᠬᠦ 》ᠠᠷᠭ᠎ᠠ ᠶᠢ ᠠᠪᠴᠤ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ | ᠰᠢᠶᠳᠪᠦᠷᠢᠯᠡᠵᠦ᠂ ᠠᠵᠤ ᠠᠬᠤᠶᠢᠯᠠᠯ ᠤᠨ ᠬᠦᠴᠢᠷᠳᠡᠯ ᠢ ᠰᠡᠳᠬᠢᠯ ᠳᠡᠯᠪᠢᠨ ᠬᠦᠴᠦᠯᠡᠨ ᠰᠢᠢᠳᠪᠦᠷᠢᠯᠡᠨ᠎ᠡ᠃ | ᠠᠵᠤ ᠦᠢᠯᠡᠰ ᠤᠨ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠠᠬᠢᠭᠤᠯᠤᠨ᠎ᠠ | ᠨᠢᠭᠡ ᠳᠤ᠂《ᠬᠤᠲᠠ ᠶᠢᠨ ᠰᠢᠨᠡᠴᠢᠯᠡᠯᠲᠡ 》 ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ | ᠬᠠᠯᠢᠭᠤᠳᠤ ᠪᠠᠯᠭᠠᠰᠣᠨ ᠤ ᠡᠮᠦᠨ᠎ᠡ ᠲᠠᠯ᠎ᠠ ᠶᠢᠨ ᠦᠵᠡᠮᠵᠢ ᠶᠢᠨ ᠲᠣᠭᠤᠷᠢᠭ᠂ ᠤᠰᠤᠨ ᠤ ᠬᠠᠮᠠᠭᠠᠯᠠᠯᠲᠠ ᠶᠢᠨ ᠣᠶ ᠮᠣᠳᠣ᠂ ᠤᠰᠤᠨ ᠤ ᠦᠵᠡᠮᠵᠢ ᠶᠢᠨ | ᠲᠣᠭᠤᠷᠢᠭ᠂ ᠬᠦᠷᠢᠶᠡᠯᠡᠩ ᠲᠣᠭᠤᠷᠢᠭ ᠤᠨ ᠲᠣᠭᠤᠷᠢᠯ ᠵᠠᠮ᠂ ᠠᠮᠢ ᠠᠬᠤᠶ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠰᠤᠷᠭᠠᠨ ᠬᠥᠮᠦᠵᠢᠯ ᠤᠨ | ᠰᠠᠭᠤᠷᠢᠨ ᠭᠠᠵᠠᠷ ᠵᠡᠷᠭᠡ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠮᠦᠨ᠎ᠡ ᠲᠡᠭᠦᠷᠭᠡ ᠶᠢᠨ ᠨᠤᠭᠤ ᠭᠠᠵᠠᠷ ᠤᠨ | ᠴᠡᠴᠡᠷᠯᠢᠭ ᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ᠬᠠᠯᠢᠭᠤᠳᠤ ᠪᠠᠯᠭᠠᠰᠣᠨ ᠤ ᠪᠠᠷᠠᠭᠤᠨ ᠲᠠᠯ᠎ᠠ ᠳᠤ ᠨᠣᠭᠤᠭᠠᠷᠠᠭᠤᠯᠤᠯᠲᠠ ᠶᠢᠨ ᠢᠨᠵᠧᠨᠧᠷᠢᠩ ᠢ | ᠭᠤᠣᠯᠳᠠᠯᠭ᠎ᠠ ᠲᠠᠢ ᠬᠡᠷᠡᠭᠵᠢᠭᠦᠯᠵᠦ᠂《ᠲᠦᠮᠡᠨ ᠮᠦ ᠶᠢᠨ ᠬᠤᠲᠠ ᠶᠢᠨ ᠳᠤᠮᠳᠠᠬᠢ ᠲᠠᠯ᠎ᠠ ᠨᠤᠲᠤᠭ 》 ᠢ ᠪᠠᠶᠢᠭᠤᠯᠤᠨ᠎ᠠ᠃ ᠬᠤᠲᠠ ᠪᠠᠯᠭᠠᠰᠤᠨ ᠤ ᠬᠠᠭᠤᠴᠢᠨ | ᠬᠤᠷᠢᠶᠠᠯᠠᠯ ᠲᠣᠭᠤᠷᠢᠭ ᠤᠨ ᠶᠡᠷᠦᠩᠬᠡᠶᠢᠯᠡᠭᠰᠡᠨ ᠰᠢᠨᠡᠳᠭᠡᠨ ᠵᠠᠰᠠᠯᠲᠠ᠂ ᠬᠤᠲᠠ ᠶᠢᠨ ᠭᠠᠵᠠᠷ ᠳᠣᠣᠷᠠᠬᠢ ᠢᠯᠴᠢ ᠬᠠᠩᠭᠠᠬᠤ ᠬᠤᠭᠤᠯᠠᠶ ᠲᠣᠣᠷ ᠤᠨ ᠥᠭᠡᠷᠡᠴᠢᠯᠡᠯᠲᠡ᠂ | ᠳᠠᠬᠢᠨ ᠠᠰᠢᠭᠯᠠᠬᠤ ᠤᠰᠤᠨ ᠤ ᠬᠤᠭᠤᠯᠠᠶ ᠲᠣᠣᠷ ᠤᠨ ᠥᠭᠡᠷᠡᠴᠢᠯᠡᠯᠲᠡ ᠵᠢᠴᠢ ᠬᠤᠲᠠ ᠶᠢᠨ ᠲᠡᠭᠦᠷᠭᠡ ᠶᠢᠨ ᠠᠭᠤᠯᠵᠠᠷ ᠬᠡᠰᠡᠭ ᠤᠨ ᠰᠠᠭᠤᠷᠢ ᠲᠦᠭᠦᠭᠡᠷᠦᠮᠵᠢ ᠶᠢᠨ | ᠢᠵᠢ ᠪᠦᠷᠢᠳᠦᠭᠦᠯᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ | ᠬᠤᠶᠠᠷ ᠲᠤ᠂《 ᠬᠦᠷᠢᠶᠡᠯᠡᠩ ᠲᠣᠭᠤᠷᠢᠭ ᠤᠨ ᠰᠢᠨᠡᠴᠢᠯᠡᠯᠲᠡ 》 ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠪᠣᠯᠪᠠᠰᠤᠷᠠᠭᠤᠯᠤᠯᠲᠠ ᠶᠢᠨ ᠲᠣᠭᠤᠷᠢᠭ ᠤᠨ ᠭᠠᠵᠠᠷ ᠰᠢᠷᠣᠶ ᠶᠢ ᠰᠤᠯᠠᠯᠠᠵᠤ ᠪᠤᠴᠠᠭᠠᠬᠤ ᠢᠨᠵᠧᠨᠧᠷᠢᠩᠢ ᠬᠡᠷᠡᠭᠵᠢᠭᠦᠯᠵᠦ᠂ ᠪᠣᠯᠪᠠᠰᠤᠷᠠᠭᠤᠯᠤᠯᠲᠠ ᠶᠢᠨ ᠲᠣᠭᠤᠷᠢᠭ | ᠤᠨ ᠲᠥᠪᠯᠡᠷᠡᠭᠦᠯᠦᠨ ᠢᠯᠴᠢ ᠬᠠᠩᠭᠠᠬᠤ ᠲᠥᠷᠥᠯ ᠵᠦᠶᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠵᠢᠴᠢ ᠡᠷᠭᠢᠯᠳᠦᠭᠦᠯᠦᠨ ᠠᠰᠢᠭᠯᠠᠬᠤ ᠲᠥᠷᠥᠯ | ᠵᠦᠶᠯ᠂ ᠳᠣᠤᠷ᠎ᠠ ᠨᠡᠭᠦᠷᠡᠰᠦᠲᠥ᠋ᠷᠥᠭᠴᠢᠲᠦ ᠭᠤᠤᠯ ᠲᠣᠭᠤᠷᠢᠭ ᠤᠨ ᠰᠠᠭᠤᠷᠢ ᠲᠦᠬᠦᠭᠡᠷᠦᠮᠵᠢ ᠶᠢ ᠲᠥᠬᠦᠷᠵᠢᠭᠦᠯᠬᠦ ᠵᠢᠴᠢ ᠪᠠᠷᠢᠮᠵᠢᠶ᠎ᠠ ᠶᠢ ᠳᠡᠭᠡᠭᠰᠢᠯᠡᠭᠦᠯᠬᠦ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠣᠷᠴᠢᠨ ᠨᠦᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ ᠢ | ᠭᠦᠨᠵᠡᠭᠡᠶᠢᠷᠡᠭᠦᠯᠵᠦ᠂ ᠪᠣᠯᠪᠠᠰᠤᠷᠠᠭᠤᠯᠤᠯᠲᠠ ᠶᠢᠨ ᠲᠣᠭᠤᠷᠢᠭ ᠤᠨ ᠠᠵᠤ ᠠᠬᠤᠶᠢᠯᠠᠯ ᠤᠨ ᠪᠠᠷᠢᠯᠭ᠎ᠠ ᠶᠢ ᠰᠢᠨᠡᠳᠬᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠭᠦᠯᠦᠨ᠎ᠡ᠃ | ᠪᠠᠭᠲᠠᠭᠠᠮᠵᠢ ᠶᠢ ᠨᠡᠮᠡᠭᠳᠡᠭᠦᠯᠦᠨ ᠲᠣᠭᠤᠷᠢᠭ ᠢ ᠥᠷᠭᠡᠳᠬᠡᠬᠦ ᠢᠨᠵᠧᠨᠧᠷᠢᠩ ᠢ ᠬᠡᠷᠡᠭᠵᠢᠭᠦᠯᠵᠦ᠂ ᠶᠢᠨ ᠬᠠᠢ ᠠᠵᠤ ᠦᠢᠯᠡᠰ ᠤᠨ ᠬᠦᠷᠢᠶᠡᠯᠡᠩ ᠲᠣᠭᠤᠷᠢᠭ ᠢ | ᠥᠷᠭᠡᠳᠬᠡᠬᠦ ᠠᠵᠢᠯ ᠢ ᠲᠦᠷᠭᠡᠳᠭᠡᠨ ᠠᠬᠢᠭᠤᠯᠤᠨ᠎ᠠ᠃ | ᠭᠤᠷᠪᠠ ᠳᠤ᠂《 ᠭᠠᠴᠠᠭ᠎ᠠ ᠲᠣᠰᠬᠤᠨ ᠤ ᠰᠢᠨᠡᠴᠢᠯᠡᠯᠲᠡ 》 ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | 《 ᠨᠢᠭᠡ ᠪᠠᠯᠭᠠᠰᠤ ᠨᠢᠭᠡ ᠨᠡᠷᠡᠲᠦ ᠲᠦᠷᠦᠯ ᠳᠡᠮᠳᠡᠭᠲᠦ 》《 ᠨᠢᠭᠡ ᠲᠣᠰᠬᠤᠨᠨᠢᠭᠡ ᠨᠡᠷᠡᠲᠦ ᠲᠦᠷᠦᠯ ᠳᠡᠮᠳᠡᠭᠲᠦ 》᠂ ᠬᠦᠷᠢᠶ᠎ᠡ ᠬᠠᠰᠢᠶᠠᠨ ᠤ ᠠᠵᠤ ᠠᠬᠤᠢ | ᠪᠠᠷ ᠲᠦᠰᠢᠭ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠ ᠣᠨᠣᠴᠠᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠪᠠᠷ ᠳᠠᠮᠵᠢᠭᠤᠯᠤᠨ᠂ | ᠨᠣᠭᠤᠭᠠᠷᠠᠭᠤᠯᠤᠯᠲᠠ ᠭᠤᠶᠤᠵᠢᠭᠤᠯᠤᠯᠳᠠ ᠰᠢᠨᠡᠴᠢᠯᠡᠯᠲᠡ ᠶᠢ ᠬᠢᠵᠦ᠂ ᠬᠠᠤᠯᠢ ᠲᠦᠷᠢᠮ ᠠᠴᠠ ᠵᠥᠷᠢᠴᠡᠭᠰᠡᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠵᠦ᠂ | ᠴᠤᠭᠯᠠᠭ᠎ᠠ ᠪᠠᠯᠭᠠᠰᠤ ᠪᠠ ᠭᠤᠣᠯ ᠭᠠᠴᠠᠭ᠎ᠠ ᠲᠣᠰᠬᠤᠨ ᠤ ᠰᠢᠨᠡᠴᠢᠯᠡᠯᠲᠡ ᠶᠢᠨ《 ᠭᠤᠷᠪᠠᠨ ᠵᠦᠢᠯ ᠤᠨ ᠢᠨᠵᠧᠨᠧᠷᠢᠩ 》 ᠢ ᠪᠦᠬᠦ ᠬᠦᠴᠦᠨ ᠢᠶᠠᠷ ᠬᠡᠷᠡᠭᠵᠢᠭᠦᠯᠵᠦ᠂ | 《 ᠭᠠᠴᠠᠭ᠎ᠠ ᠲᠣᠰᠬᠤᠨ ᠤ ᠰᠢᠨᠡᠴᠢᠯᠡᠯᠲᠡ 》 ᠶᠢᠨ ᠠᠵᠢᠯᠯᠠᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ | |