ᠣᠨᠣᠪᠴᠢᠲᠠᠶ ᠪᠥᠭᠡᠳ ᠪᠦᠲᠦᠮᠵᠢᠲᠡᠶ ᠪᠠᠷ ᠠᠷᠠᠯᠵᠢᠶᠠᠴᠢᠨ ᠤᠷᠢᠬᠤ ᠶᠢ ᠠᠳᠬᠤᠨ᠎ᠠ | ᠨᠢᠭᠡ ᠳᠤ᠂ ᠠᠷᠠᠯᠵᠢᠶᠠᠴᠢᠨ ᠤᠷᠢᠬᠤ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠎ᠠ᠃ | ᠠᠵᠤ ᠦᠶᠯᠡᠰ ᠪᠠ ᠠᠵᠤ ᠦᠶᠯᠡᠰ ᠤᠨ ᠬᠡᠯᠬᠢᠶᠡᠵᠢᠯ ᠤᠨ ᠪᠠᠶᠢᠷᠢ ᠲᠣᠭᠲᠠᠭᠠᠯᠲᠠ᠂ ᠭᠤᠤᠯᠳᠠᠯᠭ᠎ᠠ ᠲᠠᠢ ᠣᠷᠣᠨ ᠪᠦᠰᠡ ᠶᠢᠨ ᠪᠠᠶᠢᠷᠢ ᠲᠣᠭᠲᠠᠭᠠᠯᠲᠠ᠂ ᠬᠠᠷᠠᠯᠳᠠᠳᠤ | ᠠᠵᠤ ᠠᠬᠤᠶᠢᠯᠠᠯ ᠤᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠶᠯᠡᠰ ᠤᠨ ᠬᠡᠯᠬᠢᠶᠡᠵᠢᠯ ᠤᠨ ᠠᠷᠠᠯᠵᠢᠶᠠᠴᠢᠨ ᠤᠷᠢᠬᠤ ᠵᠢᠷᠤᠭ ᠢ | ᠣᠨᠣᠪᠴᠢᠲᠠᠶ ᠵᠢᠷᠤᠭᠯᠠᠨ ᠲᠦᠰᠦᠪᠯᠡᠵᠦ᠂ ᠬᠠᠨᠳᠤᠯᠭᠠᠲᠤ ᠴᠢᠨᠠᠷᠲᠠᠶ ᠪᠠᠷ ᠠᠷᠠᠯᠵᠢᠶᠠᠴᠢᠨᠤᠷᠢᠬᠤ᠂ ᠣᠨᠣᠪᠴᠢᠲᠠᠶ ᠪᠠᠷ ᠠᠷᠠᠯᠵᠢᠶᠠᠴᠢᠨ ᠤᠷᠢᠬᠤ ᠶᠢ ᠶᠠᠪᠤᠭᠳᠠᠭᠤᠯᠵᠤ᠂ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ︽ ᠲᠠᠩ ᠭᠠᠭᠴᠠ ᠲᠥᠷᠥᠯ ᠵᠦᠶᠯ᠂ ᠲᠠᠩ ᠭᠠᠭᠴᠠ ᠠᠵᠤ ᠠᠬᠤᠶᠢᠯᠠᠯ︾ ᠪᠠᠶᠢᠭᠰᠠᠨ ᠠᠴᠠ ᠪᠠᠨ ︽ ᠪᠦᠷᠢᠨ | ᠪᠦᠲᠦᠨ ᠠᠵᠤ ᠦᠶᠯᠡᠰ ᠤᠨ ᠬᠡᠯᠬᠢᠶᠡᠵᠢᠯ ᠢ ᠪᠠᠶᠢᠭᠤᠯᠵᠤ᠂ ᠠᠵᠤ ᠦᠶᠯᠡᠰ ᠤᠨ ᠪᠦᠯᠦᠭᠵᠢᠨ ᠬᠦᠭᠵᠢᠬᠦ ᠶᠢ ᠠᠬᠢᠭᠤᠯᠬᠤ︾ ᠲᠡᠶᠢᠰᠢ ᠬᠤᠪᠢᠷᠠᠭᠤᠯᠤᠨ᠎ᠠ᠃ | ᠬᠤᠶᠠᠷ ᠲᠤ᠂ ᠠᠷᠠᠯᠵᠢᠶᠠᠴᠢᠨ ᠤᠷᠢᠬᠤ ᠲᠣᠭᠲᠠᠴᠠ ᠶᠢ ᠰᠢᠯᠢᠳᠡᠭᠵᠢᠭᠦᠯᠦᠨ᠎ᠡ᠃ | 《 ᠨᠢᠭᠡ ᠬᠤᠰᠢᠭᠤ ᠰᠢᠶᠠᠨ ᠤ ᠱᠠᠲᠤᠨ ᠤ ᠤᠳᠤᠷᠢᠳᠤᠯᠭ᠎ᠠ᠂ ᠨᠢᠭᠡ ᠠᠵᠤ ᠦᠶᠯᠡᠰ ᠤᠨ ᠬᠡᠯᠬᠢᠶᠡᠵᠢᠯ᠂ ᠨᠢᠭᠡ ᠠᠵᠢᠯᠯᠠᠬᠤ ᠳᠤᠭᠤᠶᠢᠯᠠᠩ᠂ ᠨᠢᠭᠡ ᠢᠵᠢ | ᠠᠷᠠᠯᠵᠢᠶᠠᠴᠢᠨ ᠤᠷᠢᠬᠤ ᠮᠠᠲ᠋ᠧᠷᠢᠶᠠᠯ᠂ ᠨᠢᠭᠡᠠᠷᠠᠯᠵᠢᠶᠠᠴᠢᠨ ᠤᠷᠢᠬᠤ ᠲᠥᠯᠥᠪᠯᠡᠭᠡ 》ᠲᠠᠪᠤᠨ ᠨᠢᠭᠡ ᠶᠢᠨ ᠠᠵᠢᠯ ᠤᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ | ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠬᠢᠭᠡᠳ ᠭᠤᠷᠪᠠᠳᠠᠬᠢ ᠡᠲᠡᠭᠡᠳ ᠤᠨ ᠰᠢᠶᠳᠪᠦᠷᠢᠲᠦ ᠪᠣᠳᠣᠯᠭ᠎ᠠ ᠶᠢᠨ ᠲᠦᠷᠢᠮ ᠲᠣᠭᠲᠠᠴᠠ ᠶᠢ ᠲᠡᠭᠦᠯᠳᠡᠷᠵᠢᠭᠦᠯᠦᠨ | ᠪᠠᠶᠢᠭᠤᠯᠵᠤ᠂ ᠪᠥᠬᠦ ᠲᠠᠯ᠎ᠠ ᠪᠠᠷ ᠠᠷᠠᠯᠵᠢᠶᠠᠴᠢᠨ ᠤᠷᠢᠬᠤ᠂ ᠪᠥᠬᠦ ᠬᠦᠴᠦᠨ ᠢᠶᠠᠷ ᠢᠶᠠᠨ ᠠᠷᠠᠯᠵᠢᠶᠠᠴᠢᠨ ᠤᠷᠢᠬᠤ ᠠᠵᠢᠯ ᠤᠨ ᠰᠢᠨ᠎ᠡ ᠪᠠᠶᠢᠷᠢᠰᠢᠯ ᠢ ᠲᠦᠷᠭᠡᠳᠬᠡᠨ | ᠪᠠᠶᠢᠭᠤᠯᠤᠨ᠎ᠠ᠃ | ᠭᠤᠷᠪᠠ ᠳᠤ᠂ ᠠᠷᠠᠯᠵᠢᠶᠠᠴᠢᠨ ᠤᠷᠢᠬᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠦᠨ᠎ᠡ᠃ | ᠲᠥᠪᠯᠡᠷᠡᠭᠦᠯᠦᠨ ᠪᠣᠯᠪᠠᠰᠤᠷᠠᠭᠤᠯᠬᠤ᠂ ᠠᠵᠤ ᠦᠶᠯᠡᠰ ᠢ ᠰᠤᠳᠤᠯᠤᠨ ᠰᠤᠷᠤᠯᠴᠠᠬᠤ᠂ ᠠᠷᠠᠯᠵᠢᠶᠠᠴᠢᠨ ᠤᠷᠢᠬᠤ ᠪᠤᠳᠠᠳᠤ ᠦᠢᠯᠡᠳᠦᠯᠭᠡ ᠶᠢᠨ 《 ᠭᠤᠷᠪᠠᠨ ᠶᠡᠭᠡ | ᠠᠵᠢᠯᠯᠠᠭ᠎ᠠ 》 ᠶᠢ ᠪᠠᠶᠢᠩᠭᠤᠵᠢᠭᠤᠯᠤᠨ ᠥᠷᠨᠢᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠴᠢᠳᠠᠪᠤᠷᠢᠲᠠᠳ ᠢ ᠶᠡᠬᠡᠪᠡᠷ ᠣᠷᠢᠨ ᠣᠷᠤᠭᠤᠯᠵᠤ ᠂ | ᠬᠤᠰᠢᠭᠤᠨ ᠤ ᠪᠠᠶᠢᠳᠠᠯ ᠢ ᠣᠶᠢᠯᠠᠭᠠᠬᠤ᠂ ᠠᠵᠤ ᠦᠶᠯᠡᠰ ᠢ ᠣᠶᠢᠯᠠᠭᠠᠬᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ᠂ ᠲᠥᠷᠥᠯ ᠵᠦᠶᠯ ᠢ ᠣᠶᠢᠯᠠᠭᠠᠬᠤ ᠪᠠ ᠶᠠᠷᠢᠵᠤ | ᠢᠯᠡᠳᠭᠡᠬᠦ ᠪᠠᠷ ᠴᠢᠳᠠᠮᠠᠭᠠᠶ《ᠳᠥᠷᠪᠡ ᠶᠢ ᠣᠶᠢᠯᠠᠭᠠᠵᠤ ᠨᠢᠭᠡ ᠳᠤ ᠴᠢᠳᠠᠮᠠᠭᠠᠢ 》ᠲᠤᠰᠬᠠᠶᠢᠵᠢᠭᠰᠠᠨ ᠠᠷᠠᠯᠵᠢᠶᠠᠴᠢᠨ ᠤᠷᠢᠬᠤ ᠡᠩᠨᠡᠭᠡ ᠶᠢ ᠪᠠᠶᠢᠭᠤᠯᠤᠨ᠎ᠠ᠃ | ᠳᠥᠷᠪᠡ ᠳᠤ᠂ ᠠᠷᠠᠯᠵᠢᠶᠠᠴᠢᠨᠤᠷᠢᠬᠤ ᠵᠠᠭᠪᠤᠷ ᠤᠨ ᠰᠢᠨ᠎ᠡ ᠶᠢ ᠡᠭᠦᠳᠦᠨ᠎ᠡ᠃ | ᠲᠠᠨᠢᠯᠴᠠᠭᠤᠯᠭ᠎ᠠ ᠶᠢᠨ ᠬᠡᠯᠪᠡᠷᠢ ᠪᠠᠷ ᠠᠷᠠᠯᠵᠢᠶᠠᠴᠢᠨ ᠤᠷᠢᠬᠤ ᠂ ᠵᠠᠭᠤᠴᠢ ᠶᠢᠨ ᠬᠡᠯᠪᠡᠷᠢ ᠪᠠᠷ ᠠᠷᠠᠯᠵᠢᠶᠠᠴᠢᠨ ᠤᠷᠢᠬᠤ᠂ ᠴᠡᠭ ᠲᠤ ᠰᠠᠭᠤᠵᠤ ᠠᠷᠠᠯᠵᠢᠶᠠᠴᠢᠨ | ᠤᠷᠢᠬᠤ᠂ ᠲᠣᠭᠠᠴᠢᠯᠠᠭᠰᠠᠨ ᠬᠡᠯᠪᠡᠷᠢ ᠪᠠᠷ ᠠᠷᠠᠯᠵᠢᠶᠠᠴᠢᠨ ᠤᠷᠢᠬᠤ᠂ ᠣᠷᠣᠨ ᠠᠯᠤᠰᠯᠠᠨ ᠠᠷᠠᠯᠵᠢᠶᠠᠴᠢᠨ ᠤᠷᠢᠬᠤ᠂ ᠰᠠᠭᠤᠷᠢ ᠮᠥᠩᠭᠦ ᠪᠠᠷ ᠠᠷᠠᠯᠵᠢᠶᠠᠴᠢᠨ ᠤᠷᠢᠬᠤ᠂ | ᠪᠠᠶᠢᠭᠤᠯᠤᠮᠵᠢ ᠪᠠᠷ ᠠᠷᠠᠯᠵᠢᠶᠠᠴᠢᠨ ᠤᠷᠢᠬᠤ ᠵᠡᠷᠭᠡ ᠵᠠᠭᠪᠤᠷ ᠢ ᠰᠠᠶᠢᠲᠤᠷ ᠠᠰᠢᠭᠯᠠᠵᠤ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠥᠷᠭᠡᠨ ᠬᠡᠪᠴᠢᠶᠡᠨ ᠤ | ᠨᠡᠭᠡᠭᠡᠯᠲᠡ ᠲᠠᠢ ᠠᠷᠠᠯᠵᠢᠶᠠᠴᠢᠨ ᠤᠷᠢᠬᠤ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ 《ᠳᠥᠷᠪᠡ ᠶᠢ ᠲᠡᠮᠡᠴᠡᠨ ᠣᠯᠬᠤ 》 ᠶᠢ ᠴᠢᠩᠭ᠎ᠠ ᠠᠳᠬᠤᠨ᠎ᠠ | 《 ᠳᠥᠷᠪᠡ ᠶᠢ ᠲᠡᠮᠡᠴᠡᠨ ᠣᠯᠬᠤ 》 ᠶᠢᠨ ᠶᠠᠪᠤᠴᠠ ᠪᠣᠯ ᠮᠥᠨ ᠴᠢᠨᠠᠷ ᠳᠡᠭᠡᠷ᠎ᠡ ᠪᠠᠨ ᠡᠯ᠎ᠡ ᠱᠠᠲᠤᠨ ᠤ ᠤᠳᠤᠷᠢᠳᠬᠤ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠬᠦ᠂ ᠬᠤᠰᠢᠭᠤᠨ ᠤ ᠪᠠᠶᠢᠳᠠᠯ ᠢ ᠣᠶᠢᠯᠠᠭᠠᠬᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠲᠣᠭᠲᠠᠭᠠᠬᠤ᠂ ᠦᠨᠳᠦᠰᠦᠨ ᠰᠠᠭᠤᠷᠢ ᠪᠠᠨ ᠪᠠᠬᠢᠵᠢᠭᠦᠯᠬᠦ᠂ | ᠲᠠᠪᠴᠠᠩ ᠢ ᠪᠠᠶᠢᠭᠤᠯᠬᠤ᠂ ᠪᠠᠶᠢᠷᠢᠰᠢᠯ ᠢ ᠨᠡᠭᠡᠭᠡᠬᠦ᠂ ᠪᠠᠯᠠ ᠣᠷᠣᠭᠤᠯᠤᠯᠲᠠ ᠶᠢ ᠥᠷᠭᠡᠳᠬᠡᠬᠦ ᠶᠠᠪᠤᠴᠠ ᠮᠥᠨ᠃ ᠨᠠᠮ ᠤᠨ ᠭᠡᠰᠢᠭᠦᠨ ᠺᠠᠳ᠋ᠷᠴᠣᠳ ᠢᠯᠠᠩᠭᠤᠶ᠎ᠠ | ᠤᠳᠤᠷᠢᠳᠬᠤ ᠺᠠᠳ᠋ᠷᠴᠣᠳ ᠡᠷᠬᠡᠪᠰᠢ ᠭᠤᠣᠯ ᠰᠢᠪᠲᠤᠯᠤᠯᠲᠡ ᠶᠢᠨ ᠴᠢᠭᠯᠡᠯ ᠢᠶᠠᠨ ᠲᠣᠳᠣᠷᠬᠠᠶᠢᠯᠠᠵᠤ᠂ ᠪᠣᠭᠤᠮᠲᠠ ᠰᠢᠪᠲᠤᠯᠬᠤ ᠡᠭᠦᠷᠭᠡ ᠪᠠᠨ ᠬᠡᠮᠵᠢᠶᠡᠵᠢᠭᠦᠯᠵᠦ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂《 ᠬᠠᠳᠠᠭᠠᠰᠤ ᠬᠠᠳᠠᠬᠤ 》ᠵᠣᠷᠢᠭ ᠰᠠᠨᠠᠭ᠎ᠠ᠂ ᠲᠡᠮᠡᠴᠡᠨ ᠣᠯᠬᠤ ᠦᠵᠡᠯ ᠤᠬᠠᠮᠰᠠᠷ᠂ ᠲᠡᠮᠡᠴᠡᠨ ᠣᠯᠬᠤ | ᠰᠦᠰᠦ ᠵᠣᠷᠢᠭ᠂ ᠲᠡᠮᠡᠴᠡᠨ ᠣᠯᠬᠤ ᠡᠷᠴᠢᠮ ᠢ ᠶᠡᠭᠡ ᠪᠠᠷ ᠪᠠᠳᠠᠷᠠᠭᠤᠯᠵᠤ᠂ ᠬᠤᠷᠳᠤᠴᠠ ᠪᠠᠨ ᠲᠦᠷᠭᠡᠳᠬᠡᠵᠦ᠂ ᠲᠡᠭᠦᠰ ᠠᠮᠵᠢᠯᠲᠠ ᠤᠯᠬᠤ ᠪᠠᠷ ᠴᠢᠷᠮᠠᠶᠢᠬᠤ ᠬᠡᠷᠡᠭᠲᠡᠢ᠃ | |