ᠣᠶᠢᠷ᠎ᠠ ᠳᠤ ᠂ ᠮᠦᠶᠠᠩᠬᠠᠢ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠢ 3 ᠲᠦᠮᠡᠨ ᠵᠣᠯᠵᠠᠭ᠎ᠠ ᠨᠠᠢᠮᠠᠯᠵᠢ ᠶᠢ ᠨᠠᠭᠤᠷ ᠲᠤ | ᠲᠠᠯᠪᠢᠬᠤ ᠶᠡᠭᠡ ᠪᠠᠭ᠎ᠠ ᠨᠠᠢᠮᠠᠯᠵᠢ ᠲᠡᠵᠢᠭᠡᠬᠦ ᠴᠦᠬᠦᠷᠦᠮ ᠳᠤ ᠶᠠᠭᠠᠷᠠᠯᠲᠠᠢ ᠪᠠᠶᠢᠳᠠᠯ ᠢᠯᠡᠷᠡᠨ᠎ᠡ ᠃ | ᠮᠦᠶᠠᠩᠬᠠᠢ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠳᠤ᠂ ᠠᠵᠢᠯᠴᠢᠳ ᠵᠣᠯᠵᠠᠭ᠎ᠠ ᠨᠠᠢᠮᠠᠯᠵᠢ ᠶᠢ ᠨᠠᠭᠤᠷ ᠤᠨ ᠬᠠᠵᠠᠭᠤ ᠳᠤ | ᠵᠦᠭᠡᠭᠡᠪᠦᠷᠢᠯᠡᠨ ᠠᠪᠠᠴᠢᠵᠣ ᠂ ᠤᠬᠢᠶᠠᠵᠤ ᠠᠷᠢᠭᠤᠳᠬᠠᠨ ᠂ ᠬᠦᠴᠢᠯᠲᠥ᠋ᠷᠥᠭᠴᠢ ᠣᠷᠣᠭᠤᠯᠵᠣ ᠂ ᠡᠨᠧᠷᠭᠢ ᠨᠥᠬᠦᠪᠥᠷᠢᠯᠡᠭᠰᠡᠨ ᠤ ᠳᠠᠷᠠᠭ᠎ᠠ ᠂ ᠨᠠᠭᠤᠷ ᠲᠤ ᠲᠠᠯᠪᠢᠵᠣ | ᠦᠰᠭᠡᠬᠦ ᠪᠠᠷ ᠶᠠᠭᠠᠷᠠᠯᠳᠠᠢ ᠠᠵᠢᠯᠯᠠᠨ᠎ᠠ᠃ | ︽ᠥᠨᠥᠳᠦᠷ 7000 ᠵᠢᠩ ᠵᠣᠯᠵᠠᠭ᠎ᠠ ᠨᠠᠢᠮᠠᠯᠵᠢ ᠶᠢ ᠵᠥᠭᠡᠭᠡᠪᠦᠷᠢᠯᠡᠨ ᠠᠪᠴᠢᠷᠠᠵᠦ ᠨᠠᠭᠤᠷ ᠲᠤ ᠲᠠᠯᠪᠢᠵᠣ ᠪᠣᠢ ᠂ ᠣᠶᠢᠷ᠎ᠠ ᠳᠤ 3 ᠲᠦᠮᠡᠨ ᠵᠢᠩ ᠨᠠᠢᠮᠠᠯᠵᠢ ᠶᠢ | ᠨᠠᠭᠤᠷ ᠲᠤ ᠲᠠᠯᠪᠢᠬᠤ ᠪᠠᠷ ᠲᠥᠯᠥᠪᠯᠡᠵᠦ᠂ ᠵᠢᠱᠢᠯᠲᠡ ᠪᠠᠷ ᠡᠨᠡ ᠵᠢᠯ ᠤᠨ ᠶᠡᠷᠦᠩᠬᠡᠶ ᠭᠠᠷᠤᠯᠲᠠ 15 ᠲᠦᠮᠡᠨ ᠵᠢᠩ ᠳᠤ ᠬᠦᠷᠴᠦ᠂ ᠪᠦᠲᠦᠭᠡᠭᠳᠡᠭᠦᠨ ᠤ ᠥᠷᠲᠡᠭ | 1000 ᠲᠦᠮᠡᠨ ᠲᠥᠭᠦᠷᠢᠭ ᠣᠷᠴᠢᠮ ᠬᠦᠷᠦᠨ᠎ᠡ ︾ ᠭᠡᠵᠣ ᠮᠦᠶᠠᠩᠬᠠᠢ ᠶᠢᠨ ᠾᠦᠢ ᠮᠧᠩ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠤ | ᠶᠡᠷᠦᠩᠬᠡᠶ ᠳᠠᠭᠠᠭᠠᠮᠠᠯ ᠸᠠᠩ ᠴᠢ ᠸᠧᠶ ᠬᠡᠯᠡᠪᠡ᠃ | ᠮᠦᠶᠠᠩᠬᠠᠢ ᠨᠠᠭᠤᠷ ᠨᠢ ᠣᠯᠠᠨ ᠠᠴᠠ ᠣᠨᠴᠠᠭᠠᠢ ᠤᠰᠤᠨ ᠣᠷᠣᠨ ᠤ ᠨᠥᠬᠦᠴᠡᠯ ᠲᠠᠢ ᠪᠠᠶᠢᠵᠣ ᠂ ᠪᠦᠬᠦ ᠣᠷᠣᠨ ᠪᠦᠰᠡ ᠶᠢᠨ ᠤᠰᠤᠨ ᠭᠠᠷᠤᠯᠲᠠ ᠶᠢᠨ | ᠲᠡᠵᠢᠭᠡᠨ ᠦᠷᠡᠵᠢᠭᠦᠯᠬᠦ ᠲᠠᠯᠠᠪᠠᠢ ᠨᠢ ᠪᠠᠷᠤᠭ 13000 ᠮᠦ ᠪᠠᠶᠢᠵᠣ ᠂ ᠨᠠᠢᠮᠠᠯᠵᠢ᠂ ᠰᠠᠮ ᠬᠤᠷᠣᠬᠠᠢ᠂ ᠵᠢᠭᠠᠰᠤ ᠵᠡᠷᠭᠡ ᠤᠰᠤᠨ ᠭᠠᠷᠤᠯᠲᠠ ᠶᠢᠨ ᠪᠦᠲᠦᠭᠡᠭᠳᠡᠬᠦᠨ | ᠨᠢ ᠲᠡᠵᠢᠭᠡᠨ ᠦᠷᠡᠵᠢᠭᠦᠯᠬᠦ ᠳᠤ ᠬᠠᠮᠤᠭ ᠤᠨ ᠰᠠᠶᠢᠨ ᠣᠷᠴᠢᠨ ᠲᠣᠭᠤᠷᠢᠨ ᠢ ᠬᠠᠩᠭᠠᠭᠰᠠᠨ ᠪᠠᠶᠢᠨ᠎ᠠ ᠃ ᠤᠢᠢᠷ᠎ᠠ ᠶᠢᠨ ᠵᠢᠯ ᠠᠴᠠ᠂ ᠮᠦᠶᠠᠩᠬᠠᠢ ᠮᠠᠯᠵᠢᠯ ᠤᠨ | ᠲᠠᠯᠠᠪᠠᠢ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠶᠡᠷᠦᠩᠬᠡᠢ ᠭᠠᠷᠳᠠᠴᠠ ᠪᠣᠯᠭᠠᠵᠤ᠂ | ᠮᠦᠶᠠᠩᠬᠠᠢ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠵᠢᠵᠢᠭ ᠪᠠᠯᠭᠠᠰᠤ ᠶᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠲᠣᠭᠲᠠᠭᠠᠵᠤ᠂ ᠪᠣᠬᠢᠷᠲᠤᠯ | ᠦᠭᠡᠢ᠂ ᠡᠷᠬᠢᠯᠳᠡᠳᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠭᠤᠣᠯ ᠪᠣᠯᠭᠠᠵᠤ᠂ ︽ᠨᠢᠭᠡ ᠪᠠᠯᠭᠠᠰᠤ ᠨᠢᠭᠡ ᠨᠡᠷᠡᠲᠦ ᠲᠦᠷᠦᠯ ᠲᠡᠮᠳᠡᠭᠲᠦ ︾ | ︽ᠨᠢᠭᠡ ᠲᠣᠰᠬᠤᠨ ᠨᠢᠭᠡ ᠨᠡᠷᠡᠲᠦ ᠲᠦᠷᠦᠯ ᠲᠡᠮᠳᠡᠭᠲᠦ ᠂ ᠬᠦᠷᠢᠶ᠎ᠡ ᠬᠠᠰᠢᠶᠠᠨ ᠤ ᠠᠵᠤ ᠠᠬᠤᠢ︾ ᠶᠢ ᠪᠦᠬᠦ ᠬᠦᠴᠦᠨ ᠢᠶᠠᠷ ᠢᠶᠠᠨ ᠪᠤᠶᠢᠵᠢᠭᠤᠯᠤᠨ ᠬᠥᠭᠵᠢᠭᠦᠯᠵᠦ᠂ | ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠰᠢᠰᠲ᠋ᠧᠮ᠂ ᠠᠵᠤ ᠦᠢᠯᠡᠰ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ | ᠲᠦᠷᠭᠡᠨ ᠪᠠᠶᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠵᠣ ᠪᠣᠢ ᠃ | |