ᠰᠢᠬ᠎ᠠ ᠭᠤᠤᠯ ᠪᠠᠯᠭᠠᠰᠤ ᠤᠷᠤᠰᠢᠭᠤᠯᠭ᠎ᠠ ᠶᠢᠨ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠵᠤ ᠪᠣᠯᠪᠠᠰᠤᠨ ᠰᠢᠨ᠎ᠡ ᠬᠡᠪ ᠵᠠᠩᠰᠢᠯ ᠢ ᠪᠣᠶ ᠪᠣᠯᠭᠠᠵᠣ ᠪᠣᠢ
ᠨᠡᠶᠢᠲᠡᠯᠡᠭᠰᠡᠨ ᠴᠠᠭ᠄
2025/4/3
    ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠵᠤ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠰᠢᠬ᠎ᠠ ᠭᠤᠤᠯ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ᠥᠷᠲᠡᠭᠡ︶ ᠨᠢ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠵᠠᠭᠪᠤᠷ ᠢ ᠬᠠᠮᠳᠣᠪᠡᠷ ᠬᠡᠷᠡᠭᠯᠡᠵᠦ᠂ ᠣᠷᠣᠰᠢᠭᠤᠯᠭ᠎ᠠ ᠶᠢᠨ ᠬᠡᠪ ᠵᠠᠩᠰᠢᠯ ᠢ ᠥᠭᠡᠷᠡᠴᠢᠯᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ᠂ ᠠᠷᠪᠢᠲᠠᠶ᠂ ᠣᠷᠴᠢᠨ ᠲᠣᠭᠤᠷᠢᠨ ᠢ ᠬᠠᠮᠠᠭᠠᠯᠠᠬᠤ ᠣᠲᠣ ᠦᠶ᠎ᠡ ᠶᠢᠨ ᠣᠷᠣᠰᠢᠭᠤᠯᠭ᠎ᠠ ᠶᠢᠨ ᠣᠶᠢᠯᠠᠭᠠᠭᠳᠠᠬᠤᠨ ᠢ ᠪᠣᠶ ᠪᠣᠯᠭᠠᠪᠠ ᠃    ᠠᠵᠢᠯᠯᠠᠭ᠎ᠠ ᠶᠢᠨ ᠬᠤᠭᠤᠴᠠᠭᠠᠨ ᠳᠤ᠂ ᠰᠢᠬ᠎ᠠ ᠭᠤᠣᠯ ᠪᠠᠯᠭᠠᠰᠤᠨ ᠤ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠨᠠᠮ ᠤᠨ ᠭᠡᠰᠢᠭᠦᠨ ᠺᠠᠳ᠋ᠷ᠂ ᠲᠣᠰᠬᠤᠨ ᠤ ᠺᠠᠳ᠋ᠷ᠂ ᠰᠠᠶᠢᠨ ᠳᠣᠷᠠᠴᠣᠳ ᠢᠶᠠᠷ ᠪᠦᠷᠢᠯᠳᠦᠭᠰᠡᠨ ᠤᠬᠠᠭᠤᠯᠭ᠎ᠠ ᠶᠢᠨ ᠡᠩᠨᠡᠭᠡ ᠶᠢ ᠪᠠᠶᠢᠭᠤᠯᠪᠠ᠃ ᠣᠯᠠᠨ ᠢᠶᠠᠷ ᠢᠶᠠᠨ ᠤᠬᠠᠭᠤᠯᠭ᠎ᠠ ᠶᠢᠨ ᠮᠠᠲ᠋ᠧᠷᠢᠶᠠᠯ ᠢᠶᠠᠨ ᠠᠪᠴᠤ᠂ ᠲᠠᠷᠢᠶᠠᠴᠢᠨ ᠡᠷᠦᠬᠡ ᠳᠤ ᠬᠦᠷᠴᠦ᠂ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠲᠣᠰᠬᠤᠨ ᠤ ᠠᠷᠠᠳ ᠲᠤ ᠬᠡᠪ ᠵᠠᠩᠰᠢᠯ ᠢ ᠥᠭᠡᠷᠡᠴᠢᠯᠡᠬᠦ ᠴᠢᠬᠤᠯᠠ ᠠᠴᠢ ᠬᠤᠯᠪᠣᠭᠳᠠᠯ ᠪᠠ ᠪᠣᠳᠠᠲᠠᠶ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠲᠠᠶᠢᠯᠪᠤᠷᠢᠯᠠᠨ ᠥᠭᠴᠡᠶ᠃     ᠡᠭᠦᠨ ᠤ ᠬᠠᠮᠲᠤ᠂ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠤᠯᠠᠨ ᠶᠠᠩᠵᠤᠲᠤ ᠴᠢᠨᠠᠷ ᠪᠣᠯᠤᠨ ᠳᠥᠭᠦᠮ ᠳᠥᠲᠡ ᠴᠢᠨᠠᠷ ᠢ ᠪᠣᠳᠣᠯᠬᠢᠯᠠᠵᠤ᠂ ᠰᠢᠬ᠎ᠠ ᠭᠤᠣᠯ ᠪᠠᠯᠭᠠᠰᠤ ᠰᠦᠯᠵᠢᠶᠡᠨ ᠳᠡᠭᠡᠷᠡᠬᠢ ᠲᠠᠪᠴᠠᠩ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠣᠰᠬᠤᠨ ᠳᠤᠭᠤᠶᠢᠯᠠᠩ ᠤᠨ ᠸᠢᠴᠠᠲ ᠤᠨ ᠬᠤᠯᠪᠤᠭ᠎ᠠ᠂ ᠤᠯᠠᠨ ᠨᠡᠶᠢᠲᠡ ᠶᠢᠨ ᠳ᠋ᠤᠭᠠᠷ ᠲᠤ ᠣᠷᠣᠰᠢᠭᠤᠯᠭ᠎ᠠ ᠶᠢᠨ ᠰᠢᠨ᠎ᠡ ᠰᠤᠷᠲᠠᠯ ᠤᠨ ᠬᠠᠮᠢᠶ᠎ᠠ ᠪᠦᠬᠦᠢ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠶᠠᠪᠣᠭᠤᠯᠵᠣ ᠂ ᠵᠢᠷᠤᠭ ᠪᠢᠴᠢᠭ ᠢ ᠬᠤᠣᠰᠯᠠᠭᠤᠯᠬᠤ᠂ ᠠᠮᠢᠳᠤᠯᠢᠭ ᠰᠣᠨᠢᠷᠬᠠᠯᠲᠠᠢ ᠬᠡᠯᠪᠡᠷᠢ ᠪᠠᠷ ᠪᠣᠯᠪᠠᠰᠤᠨ ᠣᠷᠣᠰᠢᠭᠤᠯᠭ᠎ᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠣᠯᠣᠨ ᠨᠥᠯᠥᠭᠡᠯᠡᠬᠦ ᠬᠦᠴᠦᠨ ᠢ ᠪᠦᠲᠦᠮᠵᠢᠲᠡᠢ ᠥᠷᠭᠡᠳᠬᠡᠪᠡ᠃    ᠲᠣᠰ ᠤᠳᠠᠭᠠᠨ ᠤ ᠪᠣᠯᠪᠠᠰᠤᠨ ᠣᠷᠣᠰᠢᠭᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠪᠥᠬᠦ ᠪᠠᠯᠭᠠᠰᠤᠨ ᠤ ᠲᠣᠰᠬᠤᠨ ᠤ ᠠᠷᠠᠳ ᠤᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠤᠬᠠᠶ ᠲᠠᠨᠢᠯᠲᠠ ᠪᠠ ᠮᠡᠳᠡᠷᠡᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠰᠢᠬ᠎ᠠ ᠭᠤᠣᠯ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠲᠤ ᠲᠦᠰᠢᠭᠯᠡᠨ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠠᠷᠭ᠎ᠠ ᠬᠡᠯᠪᠡᠷᠢ ᠪᠠᠷ ᠤᠬᠠᠭᠤᠯᠭ᠎ᠠ ᠬᠥᠮᠦᠵᠢᠯ ᠥᠷᠨᠢᠭᠦᠯᠵᠦ᠂ ᠪᠣᠯᠪᠠᠰᠤᠨ ᠣᠷᠣᠰᠢᠭᠤᠯᠭ᠎ᠠ ᠶᠢᠨ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠦᠷᠭᠦᠯᠵᠢᠯᠡᠨ ᠠᠬᠢᠭᠤᠯᠵᠤ᠂ ᠬᠡᠪ ᠵᠠᠩᠰᠢᠯ ᠢ ᠥᠭᠡᠷᠡᠴᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠳᠤ ᠬᠦᠴᠦᠨ ᠨᠡᠮᠡᠷᠢᠯᠡᠬᠦ ᠪᠠᠷ ᠪᠣᠢ ᠃      
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ