ᠣᠶᠢᠷ᠎ᠠ ᠶᠢᠨ ᠡᠳᠦᠷ ᠤᠳ ᠲᠤ᠂ ᠣᠩᠭᠤᠨ ᠪᠠᠯᠭᠠᠰᠤᠨ ᠤ ᠬᠤᠶᠠᠷ ᠪᠣᠭᠲᠠ ᠶᠢᠨ ᠠᠭᠤᠯᠨ ᠶᠢᠨ ᠴᠠᠭᠠᠨ ᠨᠣᠯᠣᠣᠷ ᠤᠨ ᠢᠮᠠᠭ᠎ᠠ ᠲᠡᠵᠢᠭᠡᠨ ᠦᠷᠡᠵᠢᠭᠦᠯᠬᠦ | ᠡᠷᠦᠬᠡ ᠬᠤᠯᠪᠣᠭᠠᠯᠠᠭᠰᠠᠨ ᠡᠵᠡᠩᠨᠡᠯᠲᠡ ᠶᠢᠨ ᠲᠥᠷᠥᠯ ᠵᠣᠶᠢᠯ ᠤᠨ ᠲᠤᠬᠠᠶ ᠶᠢᠨ ᠲᠠᠯᠠᠪᠣᠷ ᠲᠤ ᠠᠵᠢᠯᠴᠢᠳ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ᠂ | ᠠᠬᠢᠴᠠ ᠪᠠᠨ ᠲᠦᠷᠭᠡᠳᠬᠡᠵᠦ᠂ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠦᠷᠨᠢᠭᠦᠨ ᠶᠠᠪᠣᠭᠳᠠᠵᠣ ᠪᠠᠶᠢᠯ᠎ᠠ᠃ | ᠤᠩᠭᠤᠨ ᠪᠠᠯᠭᠠᠰᠤᠨ ᠤ ᠬᠤᠶᠠᠷ ᠪᠣᠭᠲᠠ ᠶᠢᠨ ᠠᠭᠤᠯᠨ ᠶᠢᠨ ᠴᠠᠭᠠᠨ ᠨᠣᠯᠣᠣᠷ ᠤᠨ ᠢᠮᠠᠭ᠎ᠠ ᠲᠡᠵᠢᠭᠡᠨ ᠦᠷᠡᠵᠢᠭᠦᠯᠬᠦ ᠡᠷᠦᠬᠡ ᠬᠤᠯᠪᠤᠭᠠᠯᠠᠭᠰᠠᠨ | ᠡᠵᠡᠩᠨᠡᠯᠲᠡ ᠶᠢᠨ ᠲᠥᠷᠥᠯ ᠵᠣᠶᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 125 ᠲᠦᠮᠡᠨ ᠲᠥᠭᠦᠷᠢᠭ ᠪᠠᠶᠢᠵᠤ᠂ ᠶᠡᠷᠦᠩᠬᠡᠶ ᠲᠠᠯᠠᠪᠠᠶ ᠨᠢ 25 ᠮᠥ ᠪᠠᠶᠢᠵᠤ᠂ 8 | ᠬᠠᠰᠢᠶ᠎ᠠ ᠰᠠᠷᠠᠪᠴᠢ ᠶᠢ ᠰᠢᠨ᠎ᠡ ᠪᠠᠷ ᠪᠠᠶᠢᠭᠤᠯᠵᠤ᠂ ᠬᠤᠳᠬᠤᠭᠤᠷ ᠮᠠᠰᠢᠨ᠂ ᠲᠡᠵᠢᠭᠡᠯ ᠪᠣᠷᠳᠤᠭ᠎ᠠ ᠣᠷᠣᠭᠤᠯᠬᠤ ᠲᠡᠷᠭᠡ᠂ ᠪᠣᠷᠳᠤᠭ᠎ᠠ ᠬᠠᠳᠠᠭᠠᠯᠠᠬᠤ ᠰᠠᠪᠠ ᠵᠡᠷᠭᠡ | ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢ ᠢᠵᠢ ᠪᠦᠷᠢᠯᠳᠦᠭᠦᠯᠦᠨ᠎ᠡ᠃ | ᠲᠥᠷᠥᠯ ᠵᠦᠢᠯ ᠤᠨ ᠳᠠᠭᠠᠭᠠᠮᠠᠯ ᠯᠢᠦ ᠬᠠᠶ ᠯᠦᠩ᠄ ︽ᠲᠣᠰ ᠲᠥᠷᠥᠯ ᠵᠦᠢᠯ ᠢ 3 ᠰᠠᠷ᠎ᠠ ᠶᠢᠨ 10 ᠤ ᠡᠳᠦᠷ ᠡᠬᠢᠯᠡᠭᠦᠯᠵᠦ᠂ ᠣᠳᠣᠬᠠᠨ ᠳᠤ ᠭᠠᠵᠠᠷ | ᠳᠣᠤᠷᠠᠬᠢ ᠤᠰᠤ ᠬᠠᠩᠭᠠᠬᠤ ᠬᠤᠭᠤᠯᠠᠶ ᠱᠤᠭᠤᠮ ᠤᠨ ᠪᠠᠷᠢᠯᠭ᠎ᠠ᠂ ᠰᠠᠭᠤᠷᠢ ᠪᠠᠷᠢᠯᠭ᠎ᠠ ᠶᠢ ᠳᠠᠭᠤᠰᠬᠠᠵᠤ᠂ ᠶᠠᠭ ᠰᠠᠭᠤᠷᠢ ᠭᠠᠵᠠᠷ ᠤᠨ ᠨᠢᠷᠤᠭᠤ ᠪᠠ ᠪᠣᠯᠣᠳ | ᠪᠦᠲᠦᠴᠡ ᠶᠢᠨ ᠪᠠᠷᠢᠯᠭ᠎ᠠ ᠬᠢᠬᠦ ᠪᠠᠷ ᠪᠡᠯᠡᠳᠬᠡᠵᠣ ᠪᠠᠶᠢᠨ᠎ᠠ︾ ᠬᠡᠵᠡᠢ᠃ | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ ᠵᠢᠱᠢᠯᠲᠡ ᠪᠠᠷ 6 ᠰᠠᠷ᠎ᠠ ᠶᠢᠨ ᠡᠬᠢ ᠪᠠᠷ ᠪᠦᠬᠦᠨ ᠢ ᠪᠠᠶᠢᠭᠤᠯᠵᠤ ᠳᠠᠭᠤᠰᠬᠠᠨ᠂ ᠲᠥᠷᠥᠯ ᠵᠦᠢᠯ ᠢ | ᠪᠠᠶᠢᠭᠤᠯᠵᠤ ᠳᠠᠭᠤᠰᠤᠭᠰᠠᠨ ᠤ ᠳᠠᠷᠠᠭ᠎ᠠ ᠨᠠᠮ ᠤᠨ ᠡᠭᠦᠷ ᠠᠴᠠ ᠬᠥᠲᠥᠯᠦᠨ ᠳᠠᠭᠠᠭᠤᠯᠬᠤ᠂ ᠡᠷᠦᠬᠡ ᠬᠤᠯᠪᠣᠭᠠᠯᠠᠨ ᠡᠵᠡᠩᠨᠡᠬᠦ ᠬᠠᠮᠲᠤᠷᠠᠯᠴᠠᠭᠠᠨ ᠤ ᠵᠠᠭᠪᠤᠷ ᠢ ᠠᠪᠴᠤ᠂ | ᠲᠡᠵᠢᠭᠡᠯ ᠪᠣᠷᠳᠤᠭ᠎ᠠ ᠶᠢ ᠨᠢᠭᠡᠳᠦᠯᠲᠡᠶ ᠬᠤᠳᠠᠯᠳᠤᠨ ᠠᠪᠬᠤ᠂ ᠬᠢᠵᠢᠭ ᠢ ᠨᠢᠭᠡᠳᠦᠯᠲᠡᠶ ᠰᠡᠷᠭᠡᠶᠢᠯᠡᠬᠦ ᠪᠠ ᠨᠢᠭᠡᠳᠦᠯᠲᠡᠶ ᠪᠣᠷᠣᠯᠠᠭᠤᠯᠬᠤ ᠶᠢ ᠬᠡᠷᠡᠭᠵᠢᠭᠦᠯᠦᠨ᠂ ᠣᠶᠢᠷ᠎ᠠ | ᠬᠠᠪᠢ ᠶᠢᠨ 3000 ᠲᠣᠯᠣᠭᠠᠢ ᠮᠠᠯ ᠣᠨᠤᠭ᠎ᠠ ᠶᠢ ᠨᠠᠶᠢᠳᠠᠵᠤ ᠠᠰᠠᠷᠠᠭᠤᠯᠬᠤ ᠪᠤᠶᠤ ᠣᠷᠣᠯᠠᠨ ᠲᠡᠵᠢᠭᠡᠯᠭᠡᠵᠣ᠂ ᠨᠠᠭᠠᠳᠤ ᠵᠠᠬ᠎ᠠ ᠳᠠᠭᠠᠨ 4.5 ᠲᠦᠮᠡᠨ ᠮᠥ ᠨᠤᠲᠤᠭ | ᠪᠡᠯᠴᠢᠭᠡᠷ ᠤᠨ ᠰᠡᠯᠭᠦᠨ ᠮᠠᠯᠵᠢᠬᠤ ᠶᠢ ᠪᠡᠶᠡᠯᠡᠭᠦᠯᠵᠦ᠂ ᠨᠤᠲᠤᠭ ᠪᠡᠯᠴᠢᠭᠡᠷ ᠤᠨ ᠳᠠᠭᠠᠭᠠᠴᠠ ᠶᠢ ᠪᠦᠲᠦᠮᠵᠢᠲᠡᠶ ᠬᠥᠩᠭᠡᠷᠡᠭᠦᠯᠬᠦ ᠪᠣᠯᠤᠨ᠎ᠠ᠃ ᠡᠭᠦᠨ ᠤ ᠬᠠᠮᠲᠤ᠂ | ᠲᠥᠪᠯᠡᠷᠡᠭᠦᠯᠦᠨ ᠲᠡᠵᠢᠭᠡᠬᠦ ᠪᠠᠷ ᠳᠠᠮᠵᠢᠭᠤᠯᠤᠨ᠂ ᠲᠡᠷᠢᠭᠦᠨ ᠤ ᠮᠡᠷᠭᠡᠵᠢᠯ ᠢ ᠣᠷᠣᠭᠤᠯᠣᠨ ᠡᠬᠡ ᠮᠠᠯ ᠤᠨ ᠦᠷᠡᠵᠢᠯ ᠤᠨ ᠨᠣᠷᠮ᠎ᠠ ᠶᠢ ᠳᠡᠭᠡᠭᠰᠢᠯᠡᠭᠦᠯᠵᠦ᠂ ᠢᠮᠠᠭᠠᠨ | ᠨᠣᠯᠤᠤᠷ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠲᠡᠵᠢᠭᠡᠯ ᠪᠣᠷᠳᠤᠭ᠎ᠠ ᠶᠢ ᠨᠢᠭᠡᠳᠦᠯᠲᠡᠶ ᠬᠤᠳᠠᠯᠳᠤᠨ ᠠᠪᠴᠣ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ | ᠤᠯᠠᠮ ᠨᠢᠭᠡ ᠠᠯᠬᠤᠮ ᠪᠠᠭᠤᠷᠠᠭᠤᠯᠣᠨ᠂ ᠮᠠᠯᠴᠢᠳ ᠤᠨ ᠡᠵᠡᠩᠨᠡᠯᠲᠡ ᠶᠢ ︽ᠭᠠᠭᠴᠠᠭᠠᠷ ᠲᠡᠮᠡᠴᠡᠵᠦ︾ ᠪᠠᠶᠢᠭᠰᠠᠨ ᠠᠴᠠ ︽ᠬᠤᠯᠪᠣᠭᠠᠯᠠᠨ ᠪᠠᠶᠠᠵᠢᠬᠤ︾ ᠪᠣᠯᠭᠠᠨ | ᠬᠤᠪᠢᠷᠠᠭᠤᠯᠬᠤ ᠶᠢ ᠠᠬᠢᠭᠤᠯᠵᠤ ᠪᠣᠯᠤᠨ᠎ᠠ᠃ |