ᠤᠷᠠᠳ ᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠡᠭᠡ ᠰᠠᠯᠬᠢ᠂ ᠮᠠᠭᠤ ᠴᠠᠭ ᠠᠭᠤᠷ ᠢ ᠠᠷᠭᠠᠴᠠᠭᠠᠵᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/4/3
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠬᠤᠷᠢᠶ᠎ᠠ 2025 ᠣᠨ ᠤ 3 ᠰᠠᠷ᠎ᠠ ᠶᠢᠨ 25 ᠤ ᠡᠳᠦᠷ ᠤᠨ 09 ᠴᠠᠭ 40 ᠮᠢᠨᠦ᠋ᠲ ᠲᠤ ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠢᠴᠢ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠥᠬᠦ ᠬᠤᠰᠢᠭᠤᠨ ᠤ ᠡᠯ᠎ᠡ ᠰᠤᠷᠭᠠᠭᠤᠯᠢ ᠤᠳ ᠢᠳᠡᠪᠬᠢᠲᠡᠶ ᠠᠷᠭ᠎ᠠ ᠬᠡᠮᠵᠢᠶ᠎ᠡ᠎ ᠠᠪᠣᠪᠠ ᠃     ᠶᠠᠭᠤᠨ ᠤ ᠡᠮᠦᠨ᠎ᠡ᠂ ᠰᠤᠷᠭᠠᠭᠤᠯᠢ ᠶᠢᠨ ᠬᠦᠷᠢᠶᠡᠨ ᠤ ᠳᠣᠲᠣᠷ᠎ᠠ ᠭᠠᠳᠠᠨᠠᠬᠢ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠲᠣᠭᠤᠷᠢᠨ ᠪᠠᠶᠢᠴᠠᠭᠠᠬᠤ ᠶᠠᠪᠤᠳᠠᠯ ᠢ ᠴᠢᠩᠭᠠᠳᠬᠠᠵᠤ᠂ ᠢᠯᠠᠩᠭᠤᠶ᠎ᠠ ᠰᠤᠷᠭᠠᠭᠤᠯᠢ ᠶᠢᠨ ᠭᠡᠷ᠂ ᠬᠦᠷᠢᠶ᠎ᠡ ᠬᠡᠷᠡᠮ᠂ ᠮᠣᠳᠣ᠂ ᠵᠠᠷ ᠮᠡᠳᠡᠭᠡ ᠶᠢᠨ ᠫᠠᠶᠢᠰᠠ᠂ ᠤᠬᠠᠭᠤᠯᠭ᠎ᠠ ᠶᠢᠨ ᠪᠤᠯᠤᠩ ᠵᠡᠷᠭᠡ ᠪᠡᠯᠡᠳᠬᠡᠮᠵᠢ ᠶᠢ ᠲᠣᠭᠤᠷᠢᠨ ᠪᠠᠶᠢᠴᠠᠭᠠᠵᠤ ᠪᠠᠬᠢᠵᠢᠭᠦᠯᠬᠦ ᠶᠢ ᠴᠢᠩᠭᠠᠳᠬᠠᠵᠤ᠂ ᠣᠷᠣᠰᠢᠵᠤ ᠮᠡᠳᠡᠬᠦ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠰᠢᠢᠳᠪᠦᠷᠢᠯᠡᠪᠡ᠃     ᠳᠠᠷᠠᠭᠠᠯᠠᠪᠠᠯ᠂ ᠰᠤᠷᠤᠭᠴᠢᠳ  ᠲᠣ᠋ ᠶᠡᠭᠡ ᠰᠠᠯᠬᠢᠨ ᠤ ᠠᠭᠤᠷ ᠠᠮᠢᠰᠬᠤᠯ ᠡᠴᠡ ᠪᠤᠢ ᠪᠣᠯᠤᠭᠰᠠᠨ ᠳᠠᠯᠳᠠ ᠠᠶᠤᠯ ᠲᠦᠭᠰᠢᠭᠦᠷᠢ ᠶᠢ ᠲᠠᠨᠢᠭᠤᠯᠵᠣ ᠂ ᠶᠡᠭᠡ ᠰᠠᠯᠬᠢᠨ  ᠠᠴᠠ ᠬᠢᠴᠢᠶᠡᠬᠦ ᠂ ᠭᠡᠷ ᠤᠨ ᠭᠠᠳᠠᠨᠠᠬᠢ ᠬᠥᠳᠡᠯᠭᠡᠭᠡᠨ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠢᠯᠠᠩᠭᠤᠶ᠎ᠠ ᠭᠡᠷ ᠤᠨ ᠭᠠᠳᠠᠨᠠᠬᠢ ᠵᠠᠷᠢᠮ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠲᠦᠷ ᠵᠣᠭᠰᠣᠭᠠᠬᠤ ᠬᠡᠷᠡᠭᠲᠡᠶ ᠭᠡᠵᠣ ᠵᠠᠬᠢᠪᠠ᠃   ᠡᠭᠦᠨ ᠠᠴᠠ ᠭᠠᠳᠠᠨ᠎ᠠ᠂ ᠡᠯ᠎ᠡ ᠰᠤᠷᠭᠠᠭᠤᠯᠢ ᠶᠢᠨ ᠬᠦᠷᠢᠶ᠎ᠡ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ ᠰᠤᠷᠭᠠᠭᠤᠯᠢ ᠲᠠᠷᠬᠠᠬᠤ ᠴᠠᠭ ᠢᠶᠠᠨ ᠠᠮᠢᠳᠤᠯᠢᠭ ᠢᠶᠠᠷ ᠲᠣᠬᠢᠷᠠᠭᠤᠯᠵᠤ᠂  ᠡᠯ᠎ᠡ ᠭᠡᠷ ᠤᠨ ᠠᠬᠠᠮᠠᠳ ᠢ ᠠᠩᠭᠢ ᠶᠢᠨ ᠮᠡᠳᠡᠭᠳᠡᠯ ᠢ ᠠᠩᠬᠠᠷᠴᠤ᠂ ᠲᠤᠰᠴᠤ ᠬᠦᠷᠭᠡᠬᠦ ᠴᠠᠭ ᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ ᠭᠡᠵᠦ ᠰᠠᠨᠠᠭᠤᠯᠪᠠ᠃ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ