ᠯᠢ ᠴᠢᠶᠠᠩ ᠴᠣᠬᠤᠯᠠᠪᠤᠷᠢ ᠥᠭᠴᠡᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 29 ᠤ ᠴᠠᠬᠢᠯᠭᠠᠨ ᠮᠡᠳᠡᠭᠡ 4 ᠰᠠᠷ᠎ᠠ ᠶᠢᠨ 29 ᠤ ᠡᠳᠦᠷ ᠤᠨ 12 ᠴᠠᠭ 25 ᠮᠢᠨᠦ᠋ᠲ ᠲᠤ | ᠯᠢᠶᠣᠤᠨᠢᠩ ᠤᠨ ᠯᠢᠶᠣᠣᠶᠠᠩ ᠬᠤᠲᠠ ᠶᠢᠨ ᠪᠠᠶᠢᠲ᠋ᠠ ᠲᠣᠭᠤᠷᠢᠭ ᠤᠨ ᠰᠠᠨ ᠯᠢ ᠵᠤᠸᠠᠩ ᠳᠠᠬᠢ ᠪᠤᠴᠠᠭᠠᠵᠤ ᠨᠡᠭᠦᠯᠭᠡᠭᠰᠡᠨ ᠠᠰᠠᠷ ᠤᠨ ᠣᠶᠢᠷᠠᠯᠴᠠᠭᠠᠬᠢ ᠨᠢᠭᠡᠨ | ᠬᠤᠭᠤᠯᠠᠨ ᠭᠡᠷ ᠲᠤ ᠭᠠᠯ ᠭᠠᠷᠴᠠᠢ᠃ 14 ᠴᠠᠭ ᠪᠣᠯᠲᠠᠯ᠎ᠠ᠂ 22 ᠬᠥᠮᠥᠨ ᠠᠳᠡᠵᠦ᠂ 3 ᠬᠥᠮᠥᠨ ᠰᠢᠷᠬᠠᠲᠤᠭᠠᠳ ᠪᠠᠶᠢᠨ᠎ᠠ᠃ | ᠠᠳᠡᠯ ᠭᠠᠷᠤᠭᠰᠠᠨ ᠤ ᠳᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠡᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠭᠡᠲᠤ ᠬᠡᠮᠵᠢᠶ᠎ᠠ ᠪᠠᠷ ᠴᠢᠬᠤᠯᠠᠴᠢᠯᠠᠭᠰᠠᠨ ᠪᠦᠭᠡᠳ ᠴᠢᠬᠤᠯᠠ ᠵᠢᠭᠠᠪᠤᠷᠢ | ᠦᠭᠴᠤ᠂ ᠯᠢᠶᠣᠣᠨᠢᠩ ᠮᠤᠵᠢ ᠶᠢᠨ ᠯᠢᠶᠣᠣᠶᠠᠩ ᠬᠤᠲᠠ ᠶᠢᠨ ᠪᠠᠶᠢᠲ᠋ᠠ ᠲᠣᠭᠤᠷᠢᠭ ᠤᠨ ᠨᠢᠭᠡᠨ ᠬᠤᠭᠤᠯᠠᠨ ᠭᠡᠷ ᠲᠤ ᠭᠠᠯ ᠤᠨ ᠭᠠᠮᠰᠢᠭ ᠭᠠᠷᠴᠤ ᠬᠦᠮᠤᠨ ᠬᠠᠷ᠎ᠠ | ᠶᠡᠭᠡ ᠪᠠᠷ ᠠᠳᠡᠵᠦ ᠰᠢᠷᠬᠠᠲᠤᠵᠤ᠂ ᠮᠠᠰᠢ ᠬᠦᠨᠵᠡᠭᠡᠢ ᠰᠤᠷᠭᠠᠮᠵᠢ ᠪᠣᠯᠤᠯ᠎ᠠ︕ ᠰᠢᠷᠬᠠᠲᠤᠭᠰᠠᠳ ᠢ ᠪᠦᠬᠦ ᠬᠦᠴᠤ ᠪᠠᠷ ᠢᠶᠠᠨ ᠠᠪᠤᠷᠠᠨ ᠡᠮᠨᠠᠵᠤ᠂ ᠠᠳᠡᠭᠰᠡᠳ ᠤᠨ | ᠬᠤᠶᠢᠳᠦᠬᠢ ᠶᠠᠪᠤᠳᠠᠯ ᠵᠢᠴᠢ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠠᠵᠢᠯ ᠢ ᠲᠣᠬᠢᠲᠠᠢ ᠰᠠᠶᠢᠲᠤᠷ ᠬᠢᠵᠦ᠂ ᠰᠢᠯᠳᠠᠭᠠᠨ ᠢ ᠨᠢ ᠳᠠᠷᠤᠢ ᠲᠦᠷᠭᠡᠨ | ᠪᠠᠶᠢᠴᠠᠭᠠᠨ ᠲᠤᠳᠤᠯᠠᠵᠤ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠭᠡᠮᠵᠢᠯᠡᠭᠦ ᠬᠡᠷᠡᠭᠳᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ︽5 · 1︾ ᠤ ᠠᠮᠠᠷᠡᠯᠲᠠ ᠤᠳᠠᠯ ᠦᠭᠡᠢ ᠬᠦᠷᠴᠤ ᠢᠳᠡᠬᠦ ᠪᠣᠯᠤᠯ᠎ᠠ᠂ ᠤᠯᠠᠨ ᠲᠦᠮᠡᠨ ᠭᠠᠳᠠᠭᠰᠢ ᠭᠠᠷᠴᠤ ᠵᠢᠭᠤᠯᠴᠢᠯᠠᠬᠤ ᠣᠯᠠᠰᠢᠷᠠᠵᠤ᠂ | ᠠᠮᠠᠷᠠᠯᠲᠠ ᠶᠢᠨ ᠡᠳᠤᠷ ᠤᠨ ᠠᠵᠢᠯᠯᠠᠭ᠎ᠠ ᠲᠦᠪᠯᠠᠷᠡᠬᠦ ᠪᠣᠯᠣᠨ᠎ᠠ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤᠷ | ᠲᠥᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢᠨ ᠭᠡᠮ | ᠰᠤᠭᠤᠭ ᠢ ᠵᠢᠭᠰᠠᠭᠠᠨ ᠪᠠᠶᠢᠴᠠᠭᠠᠵᠤ᠂ ᠬᠦᠨᠲᠤ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ | ᠡᠳ᠋ ᠬᠦᠷᠦᠩᠬᠡ ᠶᠢᠨ ᠠᠮᠤᠷ ᠲᠥᠪᠰᠢᠨ ᠪᠣᠯᠤᠨ ᠨᠡᠶᠢᠭᠡᠮ ᠤᠨ ᠶᠡᠭᠡ ᠲᠠᠯ᠎ᠡ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃ | ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠤ ᠶᠢᠨ | ᠶᠠᠪᠤᠳᠠᠯ ᠤᠨ ᠬᠤᠷᠢᠶ᠎ᠠ ᠶᠢᠨ ᠶᠠᠷᠤᠩᠬᠡᠢ ᠰᠠᠶᠢᠳ ᠯᠢ ᠴᠢᠶᠠᠩ ᠴᠤᠬᠤᠯᠠᠪᠤᠷᠢ ᠥᠭᠴᠤ᠂ ᠬᠦᠮᠤᠰ ᠢ ᠪᠦᠬᠦ ᠬᠦᠴᠤ ᠪᠠᠷ ᠢᠶᠠᠨ ᠡᠷᠢᠵᠤ ᠠᠪᠤᠷᠠᠬᠤ ᠪᠠ | ᠰᠢᠷᠬᠠᠲᠤᠭᠰᠠᠳ ᠢ ᠠᠪᠤᠷᠠᠨ ᠡᠮᠨᠡᠬᠦ ᠠᠵᠢᠯ ᠢ ᠵᠣᠬᠢᠶᠠᠨ ᠪᠠᠶᠢᠭᠤᠯᠵᠤ᠂ ᠠᠳᠡᠭᠰᠡᠳ ᠤᠨ ᠬᠤᠶᠢᠲᠦᠬᠢ ᠶᠠᠪᠤᠳᠠᠯ ᠵᠠᠷᠭᠡ ᠠᠵᠢᠯ ᠢ ᠲᠣᠬᠢᠲᠠᠢ ᠰᠠᠶᠢᠲᠤᠷ ᠬᠢᠬᠦ ᠶᠢᠨ | ᠬᠠᠮᠲᠤ ᠠᠳᠡᠯ ᠤᠨ ᠰᠢᠯᠳᠠᠭᠠᠨ ᠢ ᠱᠠᠯᠠᠪᠳᠠᠨ ᠪᠠᠶᠢᠴᠠᠭᠠᠨ ᠲᠤᠳᠤᠯᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠭᠡᠮᠵᠢᠯᠠᠬᠦ ᠬᠡᠷᠡᠭᠳᠠᠢ᠃ | ᠤᠳᠤᠬᠠᠨ ᠳᠤ ︽5 · 1︾ ᠤ ᠠᠮᠠᠷᠠᠯᠲᠠ ᠣᠶᠢᠷᠠᠳᠴᠤ ᠪᠠᠶᠢᠨ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠤᠷᠢᠯᠡᠯ ᠤᠨ ᠵᠥᠪᠯᠡᠯ ᠠᠴᠠ | ᠡᠯ᠎ᠡ ᠭᠠᠵᠠᠷ ᠡᠯ᠎ᠡ ᠬᠤᠯᠪᠣᠭᠳᠠᠯ ᠪᠦᠭᠦᠢ ᠲᠠᠯ᠎ᠡ ᠶᠢᠨ ᠬᠢᠨ ᠤ ᠠᠮᠤᠷ ᠲᠥᠪᠰᠢᠨ ᠤ ᠬᠡᠮ ᠰᠤᠭᠤᠭ ᠢ ᠬᠦᠨᠵᠡᠭᠡᠢ ᠵᠢᠭᠰᠠᠭᠠᠨ ᠪᠠᠶᠢᠴᠠᠭᠠᠬᠤ ᠶᠢ ᠵᠢᠯᠤᠭᠤᠳᠤᠨ | ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠤᠯ ᠤᠨ ᠬᠦᠨᠲᠤ ᠣᠨᠴᠠ ᠶᠡᠭᠡ | ᠠᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠳᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠤᠯᠠᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠠᠮᠤᠨ ᠨᠢᠭᠡᠨᠳᠠ ᠠᠵᠢᠯᠯᠠᠬᠤ ᠲᠤᠭᠤᠶᠢᠯᠠᠩ ᠲᠣᠮᠢᠯᠠᠨ ᠲᠤᠬᠠᠢ ᠶᠢᠨ ᠲᠠᠯᠠᠪᠠᠢ ᠳᠤ ᠣᠴᠢᠭᠤᠯᠵᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠰᠠᠶᠢᠳᠤᠷ ᠬᠢᠬᠦ ᠶᠢ | ᠵᠢᠭᠠᠨ ᠵᠢᠯᠤᠭᠤᠳᠪᠠ᠃ ᠯᠢᠶᠣᠤᠨᠢᠩ ᠮᠤᠵᠢ᠂ ᠯᠢᠶᠣᠣᠶᠠᠩ ᠬᠤᠲᠠ ᠨᠢᠭᠡᠨᠲᠡ ᠬᠦᠴᠤᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠣᠰᠡᠯᠠᠵᠤ ᠰᠢᠢᠳᠪᠦᠷᠢᠯᠡᠬᠦ ᠠᠵᠢᠯ | ᠥᠷᠨᠢᠭᠦᠯᠪᠡ᠃ ᠣᠳᠣᠬᠠᠨ ᠳᠤ ᠲᠤᠬᠠᠢ ᠶᠢᠨ ᠲᠠᠯᠠᠪᠠᠢ ᠳᠤ ᠠᠪᠤᠷᠠᠨ ᠲᠣᠰᠠᠯᠠᠬᠤ᠂ ᠬᠤᠶᠢᠳᠦᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠶᠠᠭ ᠶᠠᠪᠤᠭᠲᠠᠵᠤ | ᠪᠠᠶᠢᠨ᠎ᠠ᠃ | | | | | | | | | |