ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 29 ᠤ ᠴᠠᠭᠢᠯᠭᠠᠨ ᠮᠡᠳᠡᠭᠡ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 29 ᠤ ᠡᠳᠦᠷ ᠱᠠᠩᠬᠠᠢ ᠳᠤ ᠰᠢᠨᠵᠢᠯᠡᠨ ᠪᠠᠶᠢᠴᠠᠭᠠᠬᠤ ᠳᠠᠭᠠᠨ᠂ ᠱᠠᠩᠬᠠᠢ ᠣᠯᠠᠨ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠠᠵᠠ ᠲᠣᠭᠢᠶᠠᠯ ᠢ ᠠᠮᠵᠢᠨ᠂ | ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠪᠠᠷ ᠬᠥᠲᠥᠯᠥᠮᠵᠢ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ | ᠰᠤᠷᠪᠤᠯᠵᠢ ᠶᠢᠨ ᠴᠢᠳᠠᠮᠵᠢ ᠪᠣᠯᠣᠨ ᠳᠡᠭᠡᠳᠦ ᠳᠡᠰ ᠤᠨ ᠠᠵᠤ ᠦᠢᠯᠡᠰ ᠤᠨ ᠬᠥᠲᠥᠯᠥᠨ ᠳᠠᠭᠠᠭᠤᠯᠬᠤ ᠴᠢᠳᠠᠮᠵᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠦᠭᠦ | ᠪᠥᠮᠪᠥᠷᠴᠡᠭ ᠤᠨ ᠨᠥᠯᠥᠭᠡᠯᠡᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠵᠤ | ᠪᠦᠲᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | 4 ᠰᠠᠷ᠎ᠠ ᠶᠢᠨ 29 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ ᠰᠢᠦᠢ ᠬᠤᠢ | ᠲᠣᠭᠤᠷᠢᠭ ᠲᠤ ᠪᠠᠶᠢᠷᠢᠯᠠᠵᠤ ᠪᠠᠶᠢᠭ᠎ᠠ ᠱᠠᠩᠬᠠᠢ ᠶᠢᠨ ︽ᠮᠦᠸᠧ ᠰᠦ᠋ ᠣᠷᠣᠨ ᠵᠠᠢ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ | ᠲᠣᠭᠤᠷᠢᠭ ᠤᠨ ᠵᠣᠬᠢᠶᠠᠮᠠᠯ ᠣᠶᠤᠨ ᠴᠢᠳᠠᠪᠤᠷᠢ ᠶᠢᠨ ᠦᠢᠯᠡᠳᠬᠦᠨ ᠢ ᠪᠡᠶᠡᠴᠢᠯᠡᠨ ᠣᠶᠢᠯᠠᠭᠠᠬᠤ ᠳᠡᠯᠭᠡᠭᠦᠷ ᠲᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 29 ᠤ ᠦᠳᠡ ᠶᠢᠨ ᠡᠮᠦᠨ᠎ᠡ᠂ ᠰᠢ ᠶᠢᠨ ᠫᠢᠩ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠭᠡᠰᠢᠭᠦᠨ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ ᠪᠣᠯᠣᠨ ᠬᠤᠳᠠ ᠶᠢᠨ ᠳᠠᠷᠤᠭ᠎ᠠ ᠭᠦᠩ ᠵᠧᠩ ᠤᠨ ᠪᠠᠷ᠎ᠠ ᠪᠤᠯᠤᠯᠭ᠎ᠠ ᠲᠠᠢ ᠪᠠᠷ | ᠰᠢᠦᠢ ᠬᠤᠢ ᠲᠣᠭᠤᠷᠢᠭ ᠲᠤ ᠪᠠᠶᠢᠷᠢᠯᠠᠵᠤ ᠪᠠᠶᠢᠭ᠎ᠠ ᠱᠠᠩᠬᠠᠢ ᠶᠢᠨ ︽ᠮᠦᠸᠧ ᠰᠦ᠋ ᠣᠷᠣᠨ ᠵᠠᠢ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ ᠠᠬᠤᠢ ᠶᠢᠨ | ᠨᠡᠶᠢᠭᠡᠮ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ᠃ | ︽ᠮᠦᠸᠧ ᠰᠦ᠋ ᠣᠷᠣᠨ ᠵᠠᠢ︾ ᠪᠣᠯ ᠱᠠᠩᠬᠠᠢ ᠬᠤᠲᠠ ᠶᠢᠨ ᠡᠭᠦᠳᠦᠭᠰᠡᠨ ᠵᠣᠬᠢᠶᠠᠮᠠᠯ ᠣᠶᠤᠨ ᠴᠢᠳᠠᠪᠤᠷᠢ ᠶᠢᠨ ᠲᠣᠮᠣ ᠵᠠᠭᠪᠤᠷ ᠤᠨ ᠲᠤᠰᠬᠠᠢ ᠮᠡᠷᠭᠡᠵᠢᠯ ᠤᠨ | ᠨᠡᠪᠴᠢᠭᠦᠯᠬᠦ ᠪᠠ ᠲᠦᠷᠭᠡᠳᠬᠡᠬᠦ ᠲᠠᠪᠴᠠᠩ ᠪᠣᠯᠣᠨ᠎ᠠ᠂ ᠨᠢᠭᠡᠨᠲᠡ 100 ᠭᠠᠷᠤᠢ ᠠᠵᠤ ᠠᠬᠤᠶᠢᠯᠠᠯ ᠣᠷᠣᠵᠤ ᠰᠠᠭᠤᠪᠠ᠃ ᠰᠢ ᠶᠢᠨ ᠫᠢᠩ ᠠᠳᠡ ᠢᠷᠡᠵᠦ᠂ ᠸᠢᠳᠢᠤ᠋ | ᠣᠬᠤᠷ ᠹᠢᠯᠢᠮ ᠢᠶᠠᠷ ᠱᠠᠩᠬᠠᠢ ᠬᠤᠳᠠ ᠶᠢᠨ ᠵᠣᠬᠢᠶᠠᠮᠠᠯ ᠤᠶᠤᠨ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ | ᠭᠤᠣᠯᠳᠠᠯᠭ᠎ᠠ ᠲᠠᠢ ᠨᠡᠪᠴᠢᠭᠦᠯᠬᠦ ᠠᠵᠤ ᠠᠬᠤᠶᠢᠯᠠᠯ ᠤᠨ ᠲᠣᠮᠣ ᠵᠠᠭᠪᠤᠷ ᠤᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ | ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠠᠨᠢᠯᠴᠠᠭᠤᠯᠭ᠎ᠠ ᠶᠢ ᠰᠣᠨᠣᠰᠪᠠ᠃ | ᠰᠢ ᠶᠢᠨ ᠫᠢᠩ ᠱᠠᠩᠬᠠᠢ ᠶᠢᠨ ᠵᠣᠬᠢᠶᠠᠮᠠᠯ ᠤᠶᠤᠨ ᠴᠢᠳᠠᠪᠤᠷᠢ ᠶᠢ ᠢᠳᠡᠪᠬᠢᠲᠡᠢ ᠬᠥᠭᠵᠢᠭᠦᠯᠦᠭᠡᠳ ᠣᠯᠣᠭᠰᠠᠨ ᠪᠣᠳᠠᠲᠤ ᠦᠷ᠎ᠡ ᠪᠦᠲᠦᠮᠵᠢ ᠶᠢ ᠨᠤᠲᠠᠯᠠᠪᠠ᠃ | ᠲᠡᠷᠡ᠂ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠲᠦᠷᠭᠡᠨ ᠰᠢᠨᠡᠴᠢᠯᠡᠭᠳᠡᠵᠦ᠂ ᠶᠠᠭ ᠥᠷᠨᠢᠭᠦᠨ ᠬᠥᠭᠵᠢᠯᠲᠡ ᠪᠠᠨ ᠤᠭᠲᠤᠵᠤ ᠪᠠᠶᠢᠨ᠎ᠠ᠂ ᠱᠠᠩᠬᠠᠢ | ᠬᠤᠲᠠ ᠶᠢᠨ ᠬᠢᠨ ᠲᠣᠮᠣ ᠵᠠᠭᠪᠤᠷ ᠤᠨ ᠠᠵᠤ ᠦᠢᠯᠡᠰ ᠤᠨ ᠠᠮᠢ ᠠᠬᠤᠢ ᠶᠢᠨ ᠰᠢᠰᠲ᠋ᠧᠮ ᠢᠶᠠᠷ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠢᠯᠡᠰ ᠢ | ᠨᠡᠪᠴᠢᠭᠦᠯᠦᠭᠰᠡᠨ ᠵᠡᠷᠭᠡ ᠠᠮᠵᠢᠯᠲᠠᠲᠠᠢ ᠲᠤᠷᠰᠢᠯᠭ᠎ᠠ ᠪᠠᠨ ᠰᠠᠶᠢᠲᠤᠷ ᠳ᠋ᠦᠩᠨᠡᠵᠦ᠂ ᠰᠦᠪᠡᠭᠴᠢᠯᠡᠬᠦ ᠡᠷᠴᠢᠮ ᠢᠶᠠᠨ ᠴᠢᠩᠭᠠᠷᠠᠭᠤᠯᠵᠤ᠂ ᠵᠣᠬᠢᠶᠠᠮᠠᠯ ᠣᠶᠤᠨ | ᠴᠢᠳᠠᠪᠤᠷᠢ ᠶᠢᠨ ᠬᠥᠭᠵᠢᠯᠲᠡ ᠪᠣᠯᠣᠨ ᠵᠠᠰᠠᠯᠲᠠ ᠵᠡᠷᠭᠡ ᠡᠯ᠎ᠡ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠵᠢᠱᠢᠶ᠎ᠡ ᠦᠵᠡᠭᠦᠯᠭᠦ ᠦᠢᠯᠡᠳᠦᠯ ᠭᠠᠷᠭᠠᠬᠤ ᠪᠠᠷ | ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | 4 ᠰᠠᠷ᠎ᠠ ᠶᠢᠨ 29 ᠤ ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ ᠰᠢᠦᠢ ᠬᠤᠢ | ᠲᠣᠭᠤᠷᠢᠭ ᠲᠤ ᠪᠠᠶᠢᠷᠢᠯᠠᠵᠤ ᠪᠠᠶᠢᠭ᠎ᠠ ᠱᠠᠩᠬᠠᠢ ᠶᠢᠨ ︽ᠮᠦᠸᠧ ᠰᠦ᠋ ᠣᠷᠣᠨ ᠵᠠᠢ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ | ᠲᠣᠭᠤᠷᠢᠭ ᠲᠤ᠂ ︽ᠳᠠᠷᠠᠭᠠᠴᠢ ᠶᠢᠨ ᠨᠢᠭᠡ ᠦᠶ᠎ᠡ ᠶᠢᠨ ᠣᠶᠤᠨᠴᠢ ᠴᠣᠭᠴᠠ ᠶᠢᠨ ᠪᠡᠶ᠎ᠡ ᠪᠠᠨ ᠳᠠᠭᠠᠭᠠᠭᠰᠠᠨ ᠬᠤᠪᠢᠰᠤᠯ︾ ᠭᠤᠣᠯ ᠰᠡᠳᠦᠪᠲᠦ ᠱᠠᠯᠦ᠋ᠨ ᠳᠤ | ᠣᠷᠣᠯᠴᠠᠵᠤ ᠪᠠᠶᠢᠭᠰᠠᠨ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠨᠠᠷ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ︽ᠮᠦᠸᠧ ᠰᠦ᠋ ᠣᠷᠣᠨ ᠵᠠᠢ︾ ᠶᠢᠨ 3 ᠳᠠᠪᠬᠤᠷᠭ᠎ᠠ ᠳᠤ᠂ ︽ᠳᠠᠷᠠᠭᠠᠴᠢ ᠶᠢᠨ ᠨᠢᠭᠡ ᠦᠶ᠎ᠡ ᠶᠢᠨ ᠣᠶᠤᠨᠴᠢ ᠴᠣᠭᠴᠠ ᠶᠢᠨ ᠪᠡᠶ᠎ᠡ ᠪᠠᠨ ᠳᠠᠭᠠᠭᠠᠭᠰᠠᠨ | ᠬᠤᠪᠢᠰᠤᠯ︾ ᠭᠤᠣᠯ ᠰᠡᠳᠦᠪᠲᠦ ᠱᠠᠯᠦ᠋ᠨ ᠶᠠᠪᠤᠭᠳᠠᠵᠤ ᠪᠠᠶᠢᠯ᠎ᠠ᠃ ᠰᠢ ᠶᠢᠨ ᠫᠢᠩ ᠪᠠᠶᠠᠷ ᠲᠠᠢ ᠪᠠᠷ ᠲᠤᠰ ᠱᠠᠯᠦ᠋ᠨ ᠳᠤ ᠣᠷᠣᠯᠴᠠᠵᠤ᠂ ᠲᠤᠬᠠᠢ ᠶᠢᠨ ᠲᠠᠯᠠᠪᠠᠢ ᠳᠤ | ᠪᠠᠶᠢᠭᠰᠠᠨ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠨᠠᠷ ᠲᠠᠢ ᠳᠣᠲᠣᠨᠣ ᠪᠠᠷ ᠶᠠᠷᠢᠯᠴᠠᠪᠠ᠃ ᠤᠯᠠᠨ ᠢᠶᠠᠷ ᠢᠶᠠᠨ ᠶᠡᠷᠦᠩᠬᠡᠢ ᠱᠦᠵᠢ ᠳᠤ ᠥᠪᠡᠷ ᠤᠨ ᠪᠠᠶᠢᠭ᠎ᠠ | ᠪᠦᠯᠭᠦᠮ ᠤᠨ ᠢᠶᠠᠨ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠤᠨ ᠰᠤᠳᠤᠯᠭᠠᠨ ᠥᠷᠨᠢᠭᠦᠯᠵᠦ ᠪᠠᠶᠢᠬᠤ ᠪᠠ ᠠᠵᠤ ᠦᠢᠯᠡᠰ ᠤᠨ ᠬᠡᠷᠡᠭᠯᠡᠯᠲᠡ ᠶᠢᠨ ᠲᠤᠬᠠᠢ | ᠣᠯᠣᠯᠲᠠ ᠲᠥᠷᠥᠭᠳᠡᠯ ᠢᠶᠠᠨ ᠬᠠᠷᠢᠭᠤ ᠮᠡᠳᠡᠭᠦᠯᠪᠡ᠃ ᠰᠢ ᠶᠢᠨ ᠫᠢᠩ ᠤᠯᠠᠨ ᠳᠤ᠂ ᠵᠣᠬᠢᠶᠠᠮᠠᠯ ᠤᠶᠤᠨ ᠴᠢᠳᠠᠪᠤᠷᠢ ᠪᠣᠯ ᠰᠢᠨ᠎ᠡ ᠪᠠᠷ ᠮᠠᠨᠳᠤᠵᠤ ᠪᠠᠶᠢᠭ᠎ᠠ ᠦᠢᠯᠡᠰ | ᠮᠥᠨ᠂ ᠮᠥᠨ ᠴᠤ ᠵᠠᠯᠠᠭᠤᠴᠤᠳ ᠤᠨ ᠦᠢᠯᠡᠰ ᠮᠥᠨ᠃ ᠪᠢᠳᠡ ᠶᠠᠭ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠶᠠᠭ ᠰᠠᠶᠢᠬᠠᠨ ᠵᠠᠯᠠᠭᠤ ᠨᠢᠭᠡ ᠦᠶ᠎ᠡ ᠶᠢᠨ ᠬᠢᠨ ᠤ ᠡᠷᠳᠡᠮ ᠴᠢᠳᠠᠪᠤᠷᠢ ᠪᠠᠨ | ᠢᠯᠡᠷᠡᠭᠦᠯᠵᠦ᠂ ᠠᠪᠢᠶᠠᠰ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠰᠠᠶᠢᠨ ᠴᠠᠭ ᠦᠶ᠎ᠡ ᠪᠣᠯᠣᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠬᠦᠰᠡᠯ | ᠡᠷᠡᠮᠡᠯᠵᠡᠯ ᠢ ᠪᠡᠶᠡᠯᠡᠭᠦᠯᠬᠦ ᠳᠤ ᠵᠠᠯᠠᠭᠤᠴᠤᠳ ᠲᠤ ᠬᠦᠰᠡᠯ ᠡᠷᠡᠮᠡᠯᠵᠡᠯ ᠢᠶᠠᠨ ᠲᠠᠯᠪᠢᠵᠤ ᠪᠠᠶᠢᠨ᠎ᠠ᠃ ᠤᠯᠠᠨ ᠢᠶᠠᠷ ᠢᠶᠠᠨ ᠡᠬᠡ ᠣᠷᠣᠨᠴᠢ ᠰᠡᠳᠬᠢᠯᠭᠡ ᠶᠢ ᠡᠪᠦᠷᠯᠡᠵᠦ᠂ | ᠤᠯᠤᠰ ᠲᠠᠭᠠᠨ ᠵᠢᠳᠬᠦᠬᠦ ᠵᠣᠷᠢᠭ ᠢ ᠡᠪᠦᠷᠯᠡᠨ᠂ ᠤᠯᠤᠰ ᠢᠶᠠᠨ ᠬᠦᠴᠦᠷᠬᠡᠭᠵᠢᠭᠦᠯᠬᠦ ᠴᠢᠳᠠᠪᠤᠷᠢ ᠪᠠᠨ ᠨᠡᠮᠡᠭᠳᠡᠭᠦᠯᠵᠦ᠂ ᠬᠤᠪᠢ ᠬᠥᠮᠥᠨ ᠤ ᠲᠡᠮᠡᠴᠡᠯ ᠢᠶᠠᠨ ᠤᠯᠤᠰ ᠤᠨ | ᠢᠷᠡᠭᠡᠳᠦᠢ ᠬᠤᠪᠢ ᠵᠠᠶᠠᠭ᠎ᠠ ᠲᠠᠢ ᠨᠢᠭᠲᠠ ᠬᠤᠯᠪᠣᠵᠤ᠂ ᠲᠡᠦᠬᠡ ᠶᠢᠨ ᠪᠤᠤᠬᠢᠶ᠎ᠠ ᠶᠢ ᠰᠠᠶᠢᠲᠤᠷ ᠳᠠᠮᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠥᠷᠭᠡᠨ ᠠᠭᠤᠳᠠᠮ ᠲᠠᠪᠴᠠᠩ ᠳᠡᠭᠡᠷ᠎ᠡ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ ᠭᠡᠪᠡ᠃ | ᠳᠠᠷᠠᠭ᠎ᠠ ᠨᠢ᠂ ᠰᠢ ᠶᠢᠨ ᠫᠢᠩ ᠵᠣᠬᠢᠶᠠᠮᠠᠯ ᠣᠶᠤᠨ ᠴᠢᠳᠠᠪᠤᠷᠢ ᠶᠢᠨ ᠦᠢᠯᠡᠳᠬᠦᠨ ᠢ ᠪᠡᠶᠡᠴᠢᠯᠡᠨ ᠣᠶᠢᠯᠠᠭᠠᠬᠤ ᠳᠡᠯᠭᠡᠭᠦᠷ ᠲᠤ ᠣᠷᠣᠪᠠ᠃ ᠯᠠᠩᠭᠦᠢ ᠳᠡᠭᠡᠷ᠎ᠡ | ᠲᠠᠯᠪᠢᠭᠠᠰᠤᠲᠠᠢ ᠣᠶᠤᠨᠴᠢ ᠨᠢᠳᠦᠨ ᠰᠢᠯ᠂ ᠣᠶᠤᠨᠴᠢ ᠬᠡᠦᠬᠡᠳ ᠤᠨ ᠲᠣᠭᠯᠠᠭᠠᠮ᠂ ᠣᠶᠤᠨᠴᠢ ᠬᠥᠭᠵᠢᠮ ᠵᠡᠷᠭᠡ ᠰᠢᠨ᠎ᠡ ᠡᠭᠦᠳᠦᠯᠲᠡ ᠶᠢᠨ ᠦᠢᠯᠡᠳᠬᠦᠨ ᠨᠦᠭᠦᠳ | ᠠᠩᠬᠠᠷᠤᠯ ᠢ ᠤᠨᠴᠠᠭᠠᠢ ᠲᠠᠲᠠᠵᠤ ᠪᠠᠶᠢᠯ᠎ᠠ᠂ ᠰᠢ ᠶᠢᠨ ᠫᠢᠩ ᠦᠢᠯᠡᠳᠬᠦᠨ ᠤ ᠴᠢᠳᠠᠮᠵᠢ ᠪᠣᠯᠣᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠨᠠᠷᠢᠨ ᠣᠶᠢᠯᠠᠭᠠᠭᠰᠠᠨ | ᠪᠥᠭᠡᠳ ᠪᠠᠰᠠ ᠤᠷᠮ᠎ᠠ ᠲᠠᠢ ᠪᠠᠷ ᠨᠢᠭᠡᠨ ᠣᠶᠤᠨᠴᠢ ᠨᠢᠳᠦᠨ ᠰᠢᠯ ᠢ ᠠᠪᠴᠤ ᠵᠡᠭᠦᠨ ᠪᠡᠶᠡᠴᠢᠯᠡᠨ ᠣᠶᠢᠯᠠᠭᠠᠪᠠ᠃ ᠲᠡᠷᠡ᠂ ᠮᠠᠨ ᠤ ᠤᠯᠤᠰ ᠤᠨ ᠳ᠋ᠠᠶᠢᠲ᠋ᠠ ᠶᠢᠨ ᠡᠬᠢ | ᠪᠠᠶᠠᠯᠢᠭ ᠡᠯᠪᠡᠭ᠂ ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ᠂ ᠵᠣᠬᠢᠶᠠᠮᠠᠯ ᠤᠶᠤᠨ ᠴᠢᠳᠠᠪᠤᠷᠢ ᠶᠢᠨ | ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ | ᠨᠡᠩ ᠤᠯᠠᠨ ᠠᠮᠤᠷ ᠲᠦᠪᠰᠢᠨ ᠨᠠᠶᠢᠳᠠᠪᠤᠷᠢᠲᠠᠢ ᠴᠢᠨᠠᠷ ᠰᠠᠶᠢᠲᠠᠢ ᠦᠢᠯᠡᠳᠬᠦᠨ ᠢ ᠴᠢᠷᠮᠠᠶᠢᠨ ᠨᠡᠭᠡᠭᠡᠨ ᠬᠥᠭᠵᠢᠭᠦᠯᠬᠦ ᠬᠡᠷᠡᠭᠲᠡᠢ ᠭᠡᠵᠦ ᠢᠯᠡᠳᠬᠡᠪᠡ᠃ | ᠠᠶᠠᠷᠯᠠᠬᠤ ᠦᠶ᠎ᠡ ᠳᠤ᠂ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ ᠲᠣᠭᠤᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠪᠣᠯᠣᠨ ᠠᠵᠤ | ᠠᠬᠤᠶᠢᠯᠠᠯ ᠤᠨ ᠠᠵᠢᠯᠲᠠᠳ ᠥᠨᠳᠥᠷ ᠲᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠵᠤ᠂ ᠶᠡᠷᠦᠩᠬᠡᠢ ᠱᠦᠵᠢ ᠶᠢᠨ ᠳᠠᠭᠢᠭᠠᠳ ᠢᠷᠡᠬᠦ ᠶᠢ ᠪᠠᠶᠠᠷᠯᠠᠨ | ᠤᠭᠲᠤᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ ᠤᠯᠠᠨ ᠤ ᠵᠦᠭ ᠪᠠᠶᠢᠨ ᠲᠠᠭᠢᠨ ᠭᠠᠷ ᠳᠠᠯᠠᠯᠤᠨ ᠮᠡᠨᠳᠦᠴᠢᠯᠡᠵᠦ᠂ ᠤᠯᠠᠨ ᠤ ︽5 · 1︾ ᠤ | ᠬᠥᠳᠡᠯᠮᠦᠷᠢᠴᠢᠳ ᠤᠨ ᠪᠠᠶᠠᠷ ᠤᠨ ᠡᠳᠦᠷ ᠢᠶᠠᠨ ᠪᠠᠶᠠᠷ ᠪᠠᠶᠠᠰᠤᠯ ᠲᠠᠢ ᠥᠩᠭᠡᠷᠡᠭᠦᠯᠬᠦ ᠶᠢ ᠵᠥᠩᠨᠡᠵᠦ᠂ ᠤᠯᠠᠨ ᠢ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ | ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ | ᠰᠢᠨᠵᠢᠯᠡᠨ ᠪᠠᠶᠢᠴᠠᠭᠠᠪᠠ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | | | | | | | | | | | | | | | |