ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 29 ᠤ ᠴᠠᠭᠢᠯᠭᠠᠨ ᠮᠡᠳᠡᠭᠡ | 4 ᠰᠠᠷ᠎ᠠ ᠶᠢᠨ 29 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠠᠯᠲᠠᠨ ᠲᠣᠭᠤᠰᠭ᠋᠎ᠠ ᠤᠯᠤᠰ ᠤᠳ ᠤᠨ ᠰᠢᠨ᠎ᠡ | ᠨᠡᠭᠡᠭᠡᠨ ᠬᠥᠭᠵᠢᠭᠦᠯᠦᠯᠲᠡ ᠶᠢᠨ ᠪᠠᠩᠬᠢ ᠳᠤ ᠠᠶᠢᠯᠴᠢᠯᠠᠬᠤ ᠶᠢᠨ ᠬᠠᠮᠲᠤ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋ ᠲᠠᠢ | ᠠᠭᠤᠯᠵᠠᠪᠠ᠃ | | | | 4 ᠰᠠᠷ᠎ᠠ ᠶᠢᠨ 29 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠱᠠᠩᠬᠠᠢ ᠳᠤ ᠠᠯᠲᠠᠨ ᠲᠣᠭᠤᠰᠭ᠋᠎ᠠ ᠤᠯᠤᠰ ᠤᠳ ᠤᠨ ᠰᠢᠨ᠎ᠡ | ᠨᠡᠭᠡᠭᠡᠨ ᠬᠥᠭᠵᠢᠭᠦᠯᠦᠯᠲᠡ ᠶᠢᠨ ᠪᠠᠩᠬᠢ ᠳᠤ ᠠᠶᠢᠯᠴᠢᠯᠠᠬᠤ ᠶᠢᠨ ᠬᠠᠮᠲᠤ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋ ᠲᠠᠢ | ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠢ ᠬᠦᠷᠬᠦ ᠦᠶ᠎ᠡ ᠳᠤ᠂ ᠯᠦᠸᠧᠰᠠᠶᠢᠹᠦ᠋ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ 4 ᠳᠡᠳ᠋ ᠳᠠᠷᠤᠭ᠎ᠠ ᠵᠢᠴᠢ ᠠᠵᠢᠯᠲᠠᠳ ᠢᠶᠠᠨ | ᠳᠠᠭᠠᠭᠤᠯᠤᠨ ᠬᠠᠯᠠᠭᠤᠨ ᠢᠶᠠᠷ ᠤᠭᠲᠤᠪᠠ᠃ | ᠰᠢ ᠶᠢᠨ ᠫᠢᠩ ᠯᠦᠸᠧᠰᠠᠶᠢᠹᠦ᠋ ᠶᠢᠨ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠪᠠᠷ ᠳᠠᠬᠢᠨᠲᠠ ᠰᠣᠩᠭᠤᠭᠳᠠᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠪᠣᠯ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ | ᠤᠯᠤᠰ ᠤᠨ ᠡᠭᠦᠳᠦᠨ ᠪᠠᠶᠢᠭᠤᠯᠤᠭᠰᠠᠨ ᠪᠥᠭᠡᠳ ᠭᠤᠣᠯᠯᠠᠨ ᠤᠳᠤᠷᠢᠳᠤᠭᠰᠠᠨ ᠠᠩᠬᠠᠳᠠᠭᠴᠢ ᠤᠯᠠᠨ ᠲᠠᠯᠠᠲᠤ ᠨᠡᠭᠡᠭᠡᠨ ᠬᠥᠭᠵᠢᠭᠦᠯᠦᠯᠲᠡ ᠶᠢᠨ ᠪᠠᠶᠢᠭᠤᠯᠤᠮᠵᠢ | ᠪᠣᠯᠣᠨ᠎ᠠ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠡᠭᠦᠳᠦᠯᠲᠡ ᠪᠣᠯᠣᠨ᠎ᠠ᠂ ᠪᠦᠭᠦ | ᠪᠥᠮᠪᠥᠷᠴᠡᠭ ᠤᠨ ᠵᠠᠰᠠᠯᠲᠠ ᠶᠢ ᠥᠭᠡᠷᠡᠴᠢᠯᠡᠨ ᠲᠡᠭᠦᠯᠳᠡᠷᠵᠢᠭᠦᠯᠬᠦ ᠲᠡᠦᠬᠡ ᠶᠢᠨ ᠤᠷᠤᠰᠬᠠᠯ ᠳᠤ ᠵᠣᠬᠢᠴᠠᠵᠤ᠂ ᠤᠯᠠᠨ ᠤᠯᠤᠰ ᠤᠨ ᠮᠥᠩᠭᠦᠨ ᠭᠦᠢᠯᠭᠡᠭᠡᠨ ᠤ | ᠰᠢᠰᠲ᠋ᠧᠮ ᠳᠠᠬᠢ ᠰᠢᠨ᠎ᠡ ᠪᠠᠷ ᠮᠠᠨᠳᠤᠭᠰᠠᠨ ᠬᠦᠴᠦᠨ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠠᠮᠲᠤᠷᠠᠯᠴᠠᠭᠠᠨ ᠤ ᠠᠯᠳᠠᠨ ᠦᠰᠦᠭᠲᠦ | ᠫᠠᠶᠢᠰᠠ ᠪᠣᠯᠵᠤ ᠪᠤᠶᠢᠵᠢᠵᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ︽ᠲᠣᠮᠣ ᠠᠯᠲᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾ ᠨᠢᠭᠡᠨᠲᠡ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠪᠠ᠂ | ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠴᠤ ᠴᠢᠨᠠᠷ ᠰᠠᠶᠢᠲᠠᠢ ᠬᠥᠭᠵᠢᠯᠲᠡ ᠶᠢᠨ ᠬᠤᠶᠠᠳᠠᠭᠢ ︽ᠰᠢᠵᠢᠷ ᠠᠯᠲᠠᠨ ᠠᠷᠪᠠᠨ ᠵᠢᠯ︾ ᠢ ᠡᠬᠢᠯᠡᠭᠦᠯᠬᠦ ᠬᠡᠷᠡᠭᠲᠡᠢ᠃ | ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ | ᠨᠡᠩ ᠤᠯᠠᠨ ᠴᠢᠨᠠᠷ ᠰᠠᠶᠢᠲᠠᠢ᠂ ᠥᠪᠡᠷ ᠤᠨ ᠦᠷᠳᠡᠭ ᠢᠶᠠᠷ ᠳᠣᠣᠷ᠎ᠠ᠂ ᠦᠷᠭᠦᠯᠵᠢᠯᠡᠬᠦ ᠰᠠᠭᠤᠷᠢ ᠲᠥᠬᠦᠭᠡᠷᠦᠮᠵᠢ ᠶᠢᠨ ᠪᠡᠯᠡ ᠬᠤᠷᠠᠮᠳᠤᠭᠤᠯᠭ᠎ᠠ ᠶᠢ ᠬᠠᠩᠭᠠᠬᠤ | ᠭᠡᠷᠡᠭᠲᠡᠢ︔ ᠳᠣᠲᠣᠷ ᠲᠠᠮᠢᠷ ᠢᠶᠠᠨ ᠰᠠᠶᠢᠲᠤᠷ ᠪᠤᠯᠪᠠᠰᠤᠷᠠᠭᠤᠯᠵᠤ᠂ ᠬᠠᠮᠢᠶᠠᠷᠤᠯᠲᠠ ᠪᠠ ᠡᠵᠡᠩᠨᠡᠯᠲᠡ ᠪᠠᠨ ᠲᠡᠭᠦᠯᠳᠡᠷᠵᠢᠭᠦᠯᠵᠦ᠂ ᠨᠡᠩ ᠤᠯᠠᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ᠂ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠲᠦᠷᠦᠯ ᠵᠦᠢᠯ ᠢ ᠬᠡᠷᠡᠭᠵᠢᠭᠦᠯᠵᠦ᠂ ᠬᠥᠭᠵᠢᠵᠦ ᠪᠠᠶᠢᠭ᠎ᠠ | ᠤᠯᠤᠰ ᠤᠳ ᠤᠨ ᠲᠤᠭᠠᠴᠢᠯᠠᠯᠳᠠ ᠶᠢᠨ ᠵᠥᠷᠢᠶ᠎ᠡ ᠶᠢ ᠠᠷᠢᠯᠭᠠᠬᠤ ᠳᠤ ᠬᠦᠴᠦ ᠨᠡᠮᠡᠷᠢᠯᠡᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠭᠡᠷᠡᠭᠲᠡᠢ︔ ᠵᠠᠮ ᠨᠡᠭᠡᠭᠡᠨ ᠤᠷᠤᠭᠰᠢᠯᠠᠵᠤ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠪᠦᠲᠦᠴᠡ ᠶᠢᠨ | ᠥᠭᠡᠷᠡᠴᠢᠯᠡᠯᠲᠡ ᠶᠢᠨ ᠶᠠᠷᠢᠯᠴᠠᠭ᠎ᠠ ᠳᠤᠮᠳᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠳᠠᠭᠤᠨ ᠢ ᠲᠣᠮᠣᠷᠠᠭᠤᠯᠵᠤ᠂ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠨ ᠵᠦᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ | ᠣᠳᠣᠬᠢᠴᠢᠯᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠶᠢ ᠳᠡᠮᠵᠢᠬᠦ ᠬᠡᠷᠡᠭᠲᠡᠢ᠃ ᠳᠤᠮᠳᠠᠳᠤ ᠶᠢᠨ ᠲᠠᠯ᠎ᠠ ᠶᠢᠨ ᠬᠢᠨ ᠡᠷᠭᠢᠯᠡᠭᠴᠢ ᠤᠯᠤᠰ ᠪᠣᠯᠤᠭᠰᠠᠨ ᠤ ᠬᠤᠪᠢ ᠳᠤ᠂ | ᠥᠩᠭᠡᠷᠡᠭᠰᠡᠨ ᠲᠠᠢ ᠪᠠᠨ ᠠᠳᠠᠯᠢ ᠪᠠᠷ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠡᠵᠡᠩᠨᠡᠯᠲᠡ ᠬᠥᠭᠵᠢᠯᠲᠡ ᠶᠢ ᠲᠡᠮᠵᠢᠵᠤ᠂ ᠳᠤᠷᠠᠲᠠᠶ᠎ᠠ ᠰᠢᠨ᠎ᠡ ᠨᠡᠭᠡᠭᠡᠨ | ᠬᠥᠭᠵᠢᠭᠦᠯᠦᠯᠲᠡ ᠶᠢᠨ ᠪᠠᠩᠬᠢ ᠲᠠᠢ ᠲᠦᠷᠦᠯ ᠵᠦᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠬᠢᠷᠳᠤᠯ ᠦᠭᠡᠢ᠂ ᠰᠢᠨ᠎ᠡ ᠶᠢ ᠡᠭᠦᠳᠬᠦ᠂ ᠦᠷᠭᠦᠯᠵᠢᠯᠡᠬᠦ | ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠦᠷ᠎ᠡ ᠪᠦᠲᠦᠭᠡᠯ ᠤᠯᠤᠨ᠎ᠠ︔ ᠳᠤᠷᠠᠲᠠᠶ᠎ᠠ ᠰᠢᠨ᠎ᠡ ᠨᠡᠭᠡᠭᠡᠨ | ᠬᠥᠭᠵᠢᠭᠦᠯᠦᠯᠲᠡ ᠶᠢᠨ ᠪᠠᠩᠬᠢ ᠪᠠᠷ ᠳᠠᠮᠵᠢᠭᠤᠯᠤᠨ ᠪᠤᠰᠤᠳ ᠪᠦᠷᠢᠯᠳᠦᠭᠦᠨ ᠤᠯᠤᠰ ᠲᠠᠢ ᠬᠥᠭᠵᠢᠯᠲᠡ ᠶᠢᠨ ᠲᠤᠷᠰᠢᠯᠭ᠎ᠠ ᠪᠠᠨ ᠬᠤᠪᠢᠶᠠᠯᠴᠠᠵᠤ᠂ ᠤᠯᠠᠨ ᠤᠯᠤᠰ ᠤᠨ | ᠤᠯᠠᠨ ᠨᠡᠶᠢᠲᠡ ᠶᠢᠨ ᠦᠢᠯᠡᠳᠬᠦᠨ ᠢ ᠨᠡᠩ ᠤᠯᠠᠨ ᠬᠠᠩᠭᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠪᠦᠯᠭᠦᠮ ᠴᠣᠭᠴᠠ ᠶᠢᠨ ᠴᠢᠨᠠᠷᠲᠠᠢ ᠪᠠᠷ ᠬᠥᠭᠵᠢᠨ ᠮᠠᠨᠳᠤᠬᠤ ᠨᠢ ᠳᠡᠯᠡᠬᠡᠢ ᠶᠢᠨ | ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠴᠢᠬᠤᠯᠠ ᠬᠦᠴᠦᠨ | ᠪᠣᠯᠤᠭᠰᠠᠨ ᠪᠠᠶᠢᠨ᠎ᠠ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢᠨ ᠶᠡᠭᠡ ᠴᠢᠭᠯᠡᠯ ᠬᠤᠪᠢᠷᠠᠬᠤ | ᠦᠭᠡᠢ ᠶᠤᠮ᠃ ᠳᠤᠮᠳᠠᠳᠤ ᠤᠯᠤᠰ ᠤᠨ ᠬᠥᠭᠵᠢᠯᠲᠡ ᠪᠣᠯ ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠳᠤ | ᠲᠦᠰᠢᠭᠯᠡᠨ᠎ᠡ᠂ ᠲᠤᠰ ᠪᠡᠶ᠎ᠡ ᠶᠢᠨ ᠵᠦᠢ ᠶᠣᠰᠣᠨ ᠤ ᠡᠷᠬᠡ ᠠᠰᠢᠭ ᠪᠠ ᠳᠡᠯᠡᠬᠡᠢ ᠨᠡᠶᠢᠲᠡ ᠶᠢᠨ ᠬᠠᠮᠲᠤ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ ᠭᠡᠵᠦ ᠵᠢᠭᠠᠵᠤ | ᠭᠠᠷᠭᠠᠪᠠ᠃ | ᠯᠦᠸᠧᠰᠠᠶᠢᠹᠦ᠋ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠬᠥᠭᠵᠢᠨ ᠪᠤᠵᠠᠭᠠᠶᠢᠷᠠᠬᠤ ᠳᠤ | ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ᠂ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠶᠡᠷᠦ | ᠪᠤᠰᠤ ᠶᠢᠨ ᠬᠥᠭᠵᠢᠯᠲᠡ ᠶᠢᠨ ᠠᠮᠵᠢᠯᠲᠠ ᠣᠯᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠲᠡᠮᠡᠦᠯᠦᠯ ᠢ ᠯᠠᠪᠲᠠᠢ ᠪᠡᠶᠡᠯᠡᠭᠦᠯᠵᠦ ᠴᠢᠳᠠᠨ᠎ᠠ ᠭᠡᠵᠦ ᠢᠯᠡᠳᠬᠡᠪᠡ᠃ ᠲᠡᠷᠡ᠂ ᠣᠳᠣᠬᠠᠨ ᠤ | ᠬᠤᠪᠢᠰᠤᠯᠲᠠ ᠶᠡᠬᠡᠲᠡᠢ ᠳᠡᠯᠡᠬᠡᠢ ᠶᠢᠨ ᠪᠠᠶᠢᠳᠠᠯ ᠳᠣᠣᠷ᠎ᠠ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ | ᠠᠰᠢᠭ ᠲᠤᠰᠠ ᠶᠢ ᠡᠷᠡᠰ ᠬᠠᠮᠠᠭᠠᠯᠠᠵᠤ᠂ ᠤᠯᠠᠨ ᠲᠠᠯᠠᠲᠤ ᠦᠵᠡᠯ ᠢ ᠡᠷᠡᠰ ᠲᠡᠮᠵᠢᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠳᠡᠯᠡᠬᠡᠢ ᠨᠡᠶᠢᠭᠡᠮ ᠳᠤ ᠬᠡᠪ ᠳᠠᠭᠤᠷᠢᠶᠠᠯ ᠦᠵᠡᠭᠦᠯᠪᠡ᠃ | ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠨᠢ ᠤᠯᠠᠨ ᠤᠯᠤᠰ ᠤᠨ ᠬᠠᠤᠯᠢ ᠶᠢᠨ ᠡᠷᠬᠡ ᠰᠦᠷ ᠢ ᠡᠪᠳᠡᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠲᠣᠭᠲᠠᠭᠤᠨ ᠢ ᠬᠤᠬᠢᠷᠠᠭᠤᠯᠪᠠ᠃ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠤᠭ ᠰᠠᠨᠠᠭ᠎ᠠ ᠪᠠᠨ ᠪᠠᠲᠤ ᠰᠠᠬᠢᠵᠤ᠂ ᠢᠳᠡᠪᠬᠢᠲᠡᠢ ᠠᠵᠢᠯᠯᠠᠵᠤ᠂ | ᠬᠥᠭᠵᠢᠵᠦ ᠪᠠᠶᠢᠭ᠎ᠠ ᠤᠯᠤᠰ ᠪᠣᠯᠣᠨ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠤᠨ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ | ᠭᠡᠵᠦ ᠬᠡᠯᠡᠪᠡ᠃ | ᠼᠠᠢ ᠴᠢ᠂ ᠾᠧ ᠯᠢ ᠹᠧᠩ᠂ ᠴᠧᠨ ᠵᠢᠢ ᠨᠢᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | | | | | | | |