︽ᠡᠨᠡ ᠪᠣᠯ ᠥᠴᠥᠭᠡᠳᠦᠷ ᠤᠨ ᠬᠦᠷᠲᠡᠭᠰᠡᠨ ᠢᠷᠠᠭᠤ ᠠᠯᠳᠠᠷ ᠪᠤᠯᠤᠨ᠎ᠠ᠂ ᠲᠠ ᠶᠠᠭᠠᠬᠢᠭᠰᠡᠨ ᠴᠤ ᠰᠠᠶᠢᠬᠠᠨ ᠬᠠᠳᠠᠭᠠᠯᠠᠭᠠᠷᠠᠢ᠂ ᠲᠠᠨ ᠤ ᠭᠠᠪᠢᠶ᠎ᠠ ᠪᠠᠶᠢᠨ᠎ᠠ ᠰᠢᠦ | ︕︾ 4 ᠰᠠᠷ᠎ᠠ ᠶᠢᠨ 25 ᠤ ᠡᠳᠦᠷ᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠵᠠᠩᠭᠠᠨ ᠰᠤᠮᠤ ᠶᠢᠨ ᠸᠧᠶ ᠵᠢᠩ ᠭᠠᠴᠠᠭᠠᠨ ᠤ ᠨᠠᠮ ᠤᠨ ᠡᠭᠦᠷ ᠤᠨ | ᠳᠡᠳ᠋ ᠱᠦᠵᠢ ᠭᠠᠩᠪᠤᠯᠤᠳ ᠡᠬᠡᠨᠡᠷ ᠲᠡᠭᠡᠨ ᠨᠢᠭᠡ ᠬᠤᠪᠢ ᠣᠨᠴᠠᠭᠠᠶ ᠪᠡᠯᠡᠭ ᠬᠦᠷᠭᠡᠯ᠎ᠠ — ᠡᠨᠡ ᠨᠢ ᠲᠡᠭᠦᠨ ᠤ ᠬᠦᠷᠲᠡᠭᠰᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠤᠨ ᠦᠨᠡᠮᠯᠡᠯ︾ ᠪᠤᠯᠤᠨ᠎ᠠ᠂ ᠲᠡᠭᠦᠨ ᠤ ᠡᠬᠡᠨᠡᠷ ᠤᠷᠠᠨ᠎ᠠ ᠢᠨᠢᠶᠡᠮᠰᠦᠭᠯᠡᠵᠦ᠂ | ᠢᠷᠠᠭᠤ ᠠᠯᠳᠠᠷ ᠤᠨ ᠦᠨᠡᠮᠯᠡᠯ ᠢ ᠨᠢ ᠭᠠᠷᠳᠠᠨ ᠠᠪᠴᠤ ᠨᠣᠮ ᠤᠨ ᠲᠠᠯᠪᠢᠭᠤᠷ ᠳᠡᠭᠡᠷ᠎ᠡ ᠲᠠᠯᠪᠢᠪᠠ᠃ | ᠡᠨᠡ ᠵᠢᠯ 47 ᠨᠠᠰᠤᠲᠠᠢ ᠭᠠᠩᠪᠤᠯᠤᠳ ᠪᠠᠰᠠ ᠨᠢᠭᠡᠨ ᠣᠨᠴᠠᠭᠠᠢ ᠪᠡᠶ᠎ᠡ ᠶᠢᠨ ᠭᠠᠷᠤᠯ ᠲᠠᠢ᠂ ᠲᠤᠬᠠᠶᠢᠯᠠᠪᠠᠯ ︽ᠤᠯᠤᠰ ᠤᠨ ᠬᠡᠦᠬᠡᠳ︾ ᠤᠨ ᠬᠤᠶᠢᠴᠢ ᠦᠶ᠎ᠡ | ᠪᠣᠯᠤᠨ᠎ᠠ᠃ ᠡᠴᠢᠭᠡ ᠡᠬᠡ ᠨᠢ ᠴᠥᠮ ︽ᠤᠯᠤᠰ ᠤᠨ ᠬᠡᠦᠬᠡᠳ︾ ᠪᠤᠯᠬᠤᠷ ᠬᠡᠷ ᠪᠦᠯᠢ ᠶᠢᠨ ᠬᠥᠮᠦᠵᠢᠯ ᠪᠠ ᠡᠴᠢᠭᠡ ᠡᠬᠡ ᠶᠢᠨ ᠢᠶᠠᠨ ᠨᠥᠯᠥᠭᠡ ᠠᠴᠠ ᠪᠤᠯᠵᠤ᠂ | ᠲᠡᠷᠡ ᠪᠠᠷ ᠨᠠᠮ ᠪᠠ ᠤᠯᠤᠰ ᠲᠠᠭᠠᠨ ᠭᠦᠨ ᠵᠤᠵᠠᠭᠠᠨ ᠠᠴᠢ ᠬᠠᠷᠢᠭᠤᠯᠬᠤ ᠰᠡᠳᠭᠢᠯᠭᠡ ᠲᠠᠢ ᠪᠠᠶᠢᠳᠠᠭ᠃ | ᠠᠪᠤ ᠡᠵᠢ ᠶᠢᠨ ᠢᠶᠠᠨ ᠦᠷᠬᠦᠯᠵᠢ ᠶᠠᠷᠢᠳᠠᠭ ᠰᠡᠳᠬᠢᠯ ᠲᠤᠭᠳᠤᠯᠤᠭᠤᠯᠤᠮ᠎ᠠ ᠦᠯᠢᠭᠡᠷ ᠢ ᠭᠠᠩᠪᠤᠯᠤᠳ ᠪᠠᠭ᠎ᠠ ᠠᠴᠠ ᠪᠠᠨ ᠤᠯᠠᠨ ᠤᠳᠠᠭ᠎ᠠ ᠰᠤᠨᠤᠰᠴᠠᠢ᠃ ᠠᠪᠤ | ᠡᠵᠢ ᠨᠢ᠄ ︽ᠬᠡᠦᠬᠡᠳ ᠡ᠂ ᠨᠠᠮ ᠪᠠ ᠤᠯᠤᠰ ᠠᠴᠠ ᠪᠢᠳᠡᠨ ᠳᠤ ᠣᠷᠣᠰᠢᠨ ᠲᠣᠭᠲᠠᠨᠢᠬᠤ ᠬᠦᠰᠡᠯ ᠡᠷᠡᠮᠡᠯᠵᠡᠯ ᠣᠯᠭᠤᠵᠤ᠂ ᠪᠢᠳᠡᠨ ᠳᠤ ᠥᠨᠥᠳᠦᠷ ᠤᠨ ᠵᠣᠯ | ᠵᠢᠷᠭᠠᠯ ᠲᠠᠢ ᠠᠮᠤᠷ ᠲᠣᠭᠲᠠᠭᠤᠨ ᠠᠮᠢᠳᠤᠷᠠᠯ ᠢ ᠡᠳ᠋ᠯᠡᠭᠦᠯᠦᠭᠰᠡᠨ ᠶᠤᠮ᠂ ᠪᠢᠳᠡ ᠡᠨᠡ ᠬᠦ ᠠᠴᠢ ᠡᠨᠡᠷᠢᠯ ᠢ ᠬᠡᠵᠢᠶ᠎ᠡ᠂ ᠬᠠᠮᠢᠭ᠎ᠠ ᠴᠤ ᠭᠡᠰᠡᠨ ᠴᠥᠮ ᠰᠡᠳᠭᠢᠯ ᠳᠡᠭᠡᠨ | ᠪᠠᠲᠤ ᠴᠡᠭᠡᠵᠢᠯᠡᠵᠦ᠂ ᠰᠠᠶᠢᠨ ᠬᠥᠮᠦᠨ ᠪᠤᠯᠵᠤ᠂ ᠵᠥᠪ ᠵᠠᠮ ᠢᠶᠠᠷ ᠵᠠᠮᠨᠠᠵᠤ᠂ ᠥᠪᠡᠷ ᠤᠨ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠤᠯᠤᠰ ᠪᠠ ᠨᠡᠶᠢᠭᠡᠮ ᠳᠤ | ᠬᠤᠪᠢ ᠨᠡᠮᠡᠷᠢ ᠦᠵᠡᠭᠦᠯᠬᠦ ᠬᠡᠷᠡᠭᠲᠡᠢ︾ ᠭᠡᠵᠦ ᠲᠠᠩᠳᠠ ᠰᠤᠷᠭᠠᠳᠠᠭ᠃ ᠠᠪᠤ ᠡᠵᠢ ᠶᠢᠨ ᠬᠢᠨᠢ ᠰᠤᠷᠭᠠᠯ ᠭᠠᠩᠪᠤᠯᠤᠳ ᠤᠨ ᠰᠡᠳᠭᠢᠯ ᠳᠤ ᠭᠦᠨ ᠬᠠᠳᠠᠩᠰᠢᠵᠠᠢ᠂ | ᠲᠡᠷᠡ ᠬᠠᠷᠠᠬᠠᠨ ᠪᠠᠭ᠎ᠠ ᠠᠴᠠ ᠪᠠᠨ ᠥᠪᠡᠷ ᠤᠨ ᠢᠶᠠᠨ ᠴᠢᠳᠠᠯ ᠤᠨ ᠬᠢᠷᠢ ᠲᠤᠳᠤᠷ᠎ᠠ ᠬᠡᠷᠡᠭᠴᠡᠭᠡ ᠲᠠᠢ ᠬᠥᠮᠦᠰ ᠢ ᠬᠠᠪᠰᠤᠷᠴᠤ᠂ ᠨᠤᠲᠤᠭ ᠤᠰᠤᠨ ᠤ ᠪᠠᠨ ᠠᠴᠢ ᠶᠢ | ᠬᠠᠷᠢᠭᠤᠯᠤᠨ᠎ᠠ ᠭᠡᠵᠦ ᠵᠣᠷᠢᠭ ᠰᠢᠭᠤᠳᠴᠠᠢ᠃ | ᠨᠤᠲᠤᠭ ᠤᠰᠤᠨ ᠤ ᠪᠠᠨ ᠠᠴᠢ ᠶᠢ ᠬᠠᠷᠢᠭᠤᠯᠬᠤ ᠳᠤ ᠡᠷᠳᠡᠮ ᠴᠢᠳᠠᠪᠤᠷᠢ ᠲᠠᠢ ᠬᠦᠮᠦᠨ ᠪᠤᠯᠬᠤ ᠬᠡᠷᠡᠭᠲᠡᠶ᠃ ᠡᠨᠡ ᠲᠠᠯ᠎ᠠ ᠪᠠᠷ ᠭᠠᠩᠪᠤᠯᠤᠳ ᠠᠯᠢ ᠡᠷᠲᠡ | ᠪᠡᠯᠡᠳᠭᠡᠯ ᠲᠠᠢ ᠪᠠᠶᠢᠭᠰᠠᠨ ᠠᠵᠢ᠃ | ᠭᠠᠩᠪᠤᠯᠤᠳ 1999 ᠣᠨ ᠳᠤ ᠴᠡᠷᠢᠭ ᠲᠤ ᠣᠷᠣᠪᠠ᠂ ᠬᠠᠷᠠᠬᠠᠨ ᠪᠠᠭ᠎ᠠ ᠠᠴᠠ ᠪᠠᠨ ᠴᠠᠬᠢᠯᠭᠠᠨ ᠬᠡᠯᠬᠢᠶ᠎ᠡ ᠶᠢ ᠰᠤᠳᠤᠯᠬᠤ ᠳᠤᠷᠠᠲᠠᠢ ᠳᠡᠷᠡ ᠪᠠᠷ ᠴᠡᠷᠢᠭ | ᠠᠩᠬᠢ ᠳᠤ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠮᠠᠰᠢᠨ ᠲᠡᠷᠭᠡ ᠰᠡᠯᠪᠢᠨ ᠵᠠᠰᠠᠬᠤ ᠠᠩᠬᠢ ᠳᠤ ᠬᠤᠪᠢᠶᠠᠭᠳᠠᠨ ᠮᠠᠰᠢᠨ ᠲᠡᠷᠭᠡ ᠰᠡᠯᠪᠢᠨ ᠵᠠᠰᠠᠬᠤ ᠤᠷ᠎ᠠ | ᠴᠢᠳᠠᠪᠤᠷᠢ ᠶᠢ ᠰᠤᠷᠴᠤ ᠰᠤᠳᠤᠯᠤᠭᠰᠠᠨ ᠪᠥᠭᠡᠳ ᠮᠠᠰᠢᠨ ᠲᠡᠷᠭᠡ ᠰᠡᠯᠪᠢᠨ ᠵᠠᠰᠠᠬᠤ ᠠᠵᠢᠯᠴᠢᠨ ᠤ ᠬᠢᠷᠢ ᠬᠡᠮ ᠤᠨ ᠦᠨᠡᠮᠯᠡᠯ ᠣᠯᠵᠤ᠂ ᠬᠢᠷᠢ ᠲᠡᠩᠴᠡᠭᠰᠡᠨ ᠮᠠᠰᠢᠨ | ᠲᠡᠷᠭᠡ ᠰᠡᠯᠪᠢᠨ ᠵᠠᠰᠠᠬᠤ ᠠᠵᠢᠯᠴᠢᠨ ᠪᠣᠯᠤᠭᠰᠠᠨ ᠪᠠᠶᠢᠨ᠎ᠠ᠃ | 2001 ᠣᠨ ᠳᠤ ᠭᠠᠩᠪᠤᠯᠤᠳ ᠢᠷᠠᠭᠤ ᠠᠯᠳᠠᠷᠲᠠᠢ ᠪᠠᠷ ᠴᠡᠷᠢᠭ ᠤᠨ ᠠᠯᠪᠠᠨ ᠠᠴᠠ ᠬᠠᠯᠠᠭᠳᠠᠵᠤ᠂ ᠳᠥᠷᠪᠡᠳ ᠬᠤᠰᠢᠭᠤᠨ ᠤ ᠤᠯᠠᠭᠠᠨᠬᠤᠸᠠ | ᠪᠠᠯᠭᠠᠰᠤᠨ ᠳᠠᠭᠠᠨ ᠪᠤᠴᠠᠵᠤ ᠮᠠᠰᠢᠨ ᠲᠡᠷᠭᠡ ᠰᠡᠯᠪᠢᠨ ᠵᠠᠰᠠᠬᠤ ᠭᠠᠵᠠᠷ ᠪᠠᠶᠢᠭᠤᠯᠵᠠᠢ᠃ ᠮᠠᠰᠢᠨ ᠲᠡᠷᠭᠡ ᠰᠡᠯᠪᠢᠨ ᠵᠠᠰᠠᠬᠤ ᠭᠠᠵᠠᠷ ᠠᠵᠢᠯᠯᠠᠭᠤᠯᠬᠤ ᠶᠠᠪᠤᠴᠠ ᠳᠠᠭᠠᠨ | ᠲᠡᠭᠦᠨ ᠤ ᠨᠤᠲᠤᠭ ᠳᠥᠷᠪᠡᠳ ᠬᠤᠰᠢᠭᠤᠨ ᠤ ᠵᠠᠩᠭᠠᠨ ᠰᠤᠮᠤ ᠶᠢᠨ ᠸᠧᠶ ᠵᠢᠩ ᠭᠠᠴᠠᠭᠠᠨ ᠤ ᠡᠷᠬᠢᠨ ᠲᠣᠭᠤᠷᠢᠨ ᠳᠤ ᠲᠤᠬᠠᠶ ᠶᠢᠨ ᠦᠶ᠎ᠡ ᠳᠤ ᠬᠠᠶᠢᠷ ᠴᠢᠯᠠᠭᠤᠨ | ᠵᠠᠮ ᠪᠠᠶᠢᠭᠰᠠᠨ ᠪᠦᠭᠡᠳ ᠡᠩᠬᠦᠯ ᠳᠤᠩᠬᠤᠯ ᠪᠠᠶᠢᠵᠤ᠂ ᠨᠠᠭᠠᠰᠢ ᠴᠠᠭᠠᠰᠢ ᠶᠠᠪᠤᠬᠤ ᠲᠡᠷᠭᠡ ᠬᠥᠰᠭᠡ ᠨᠢ ᠦᠷᠭᠦᠯᠵᠢ ᠬᠠᠰᠢᠭᠳᠠᠵᠤ ᠪᠠᠶᠢᠭᠰᠠᠨ ᠤ ᠳᠡᠭᠡᠷ᠎ᠡ ᠬᠢᠯᠢ | ᠬᠢᠵᠠᠭᠠᠷ ᠭᠠᠵᠠᠷ ᠠᠭᠤᠳᠠᠮ ᠬᠥᠮᠦᠨ ᠴᠥᠭᠡᠨ ᠪᠣᠯᠬᠤᠷ ᠬᠠᠰᠢᠭᠳᠠᠭᠰᠠᠨ ᠲᠡᠷᠭᠡ ᠶᠢ ᠰᠡᠯᠪᠢᠨ ᠵᠠᠰᠠᠬᠤ ᠳᠤ ᠲᠤᠩ ᠳᠥᠭᠦᠮ ᠦᠭᠡᠢ ᠪᠠᠶᠢᠭᠰᠠᠨ ᠢ ᠭᠠᠩᠪᠤᠯᠤᠳ | ᠤᠯᠵᠤ ᠮᠡᠳᠡᠵᠠᠢ᠃ ᠨᠤᠲᠤᠭ ᠤᠰᠤᠨ ᠳᠠᠭᠠᠨ ᠬᠤᠪᠢ ᠨᠡᠮᠡᠷᠢ ᠦᠵᠡᠭᠦᠯᠬᠦ ᠶᠢᠨ ᠲᠥᠯᠥᠭᠡ᠂ ᠭᠠᠩᠪᠤᠯᠤᠳ ᠤᠯᠠᠭᠠᠨᠬᠤᠸᠠ ᠪᠠᠯᠭᠠᠰᠤᠨ ᠳᠠᠬᠢ ᠬᠠᠷᠢᠴᠠᠩᠭᠤᠶ | ᠲᠠᠭᠠᠯᠠᠮᠵᠢᠲᠠᠶ ᠠᠮᠢᠳᠤᠷᠠᠯ ᠢᠶᠠᠨ ᠰᠢᠭᠤᠷᠬᠠᠢ ᠲᠠᠶᠠᠭᠳᠠᠵᠤ᠂ ᠵᠠᠩᠭᠠᠨ ᠰᠤᠮᠤ ᠶᠢᠨ ᠸᠧᠶ ᠵᠢᠩ ᠭᠠᠴᠠᠭ᠎ᠠ ᠳᠠᠭᠠᠨ ᠪᠤᠴᠠᠵᠤ ᠢᠷᠡᠪᠡ᠃ ᠡᠭᠦᠨ ᠤ ᠵᠡᠷᠭᠡᠪᠡᠷ ᠲᠡᠷᠡ ᠨᠢᠭᠡ | ᠰᠠᠤᠷᠢ ᠭᠠᠷ ᠳᠠᠮᠵᠢᠭᠰᠠᠨ ᠮᠠᠰᠢᠨ ᠲᠡᠷᠭᠡ ᠬᠤᠳᠠᠯᠳᠤᠨ ᠠᠪᠴᠤ᠂ ᠳᠡᠷᠭᠡᠨ ᠳᠡᠭᠡᠷ᠎ᠡ ᠪᠠᠨ ᠮᠠᠰᠢᠨ ᠲᠡᠷᠭᠡ ᠰᠡᠯᠪᠢᠨ ᠵᠠᠰᠠᠬᠤ ᠲᠥᠬᠦᠭᠡᠷᠦᠮᠵᠢ ᠲᠣᠬᠢᠷᠠᠭᠤᠯᠪᠠ᠂ ᠡᠶᠢᠨ | ᠬᠦ᠋ ᠨᠢᠭᠡ ᠳᠥᠭᠦᠮᠬᠡᠨ ᠠᠪᠤᠷᠠᠨ ᠲᠤᠰᠠᠯᠠᠬᠤ ᠦᠢᠯᠡᠴᠢᠯᠡᠭᠡᠨ ᠤ ᠨᠡᠭᠦᠳᠡᠯ ᠲᠡᠷᠭᠡ ᠬᠢᠯᠢ ᠶᠢᠨ ᠱᠤᠭᠤᠮ ᠳᠡᠭᠡᠷ᠎ᠡ ᠬᠠᠰᠢᠭᠳᠠᠭᠰᠠᠨ ᠲᠡᠷᠭᠡᠤᠨ ᠤᠨ ᠳᠡᠷᠭᠡᠳᠡ ᠳᠠᠩᠳᠠ | ᠢᠯᠡᠷᠡᠳᠡᠭ ᠪᠤᠯᠤᠯ᠎ᠠ᠃ | ᠣᠯᠠᠨ ᠵᠢᠯ ᠤᠨ ᠠᠪᠤᠷᠠᠨ ᠲᠤᠰᠠᠯᠠᠬᠤ ᠶᠠᠪᠤᠴᠠ ᠳᠠᠭᠠᠨ ᠭᠠᠩᠪᠤᠯᠤᠳ ᠴᠥᠭᠡᠨ ᠪᠤᠰᠤ ᠬᠦᠮᠦᠰ ᠲᠠᠢ ᠨᠠᠶᠢᠵᠠᠯᠠᠵᠠᠢ᠂ ᠨᠢᠩᠰᠢᠶᠠ ᠶᠢᠨ ᠬᠤᠳᠠᠯᠳᠤᠭᠠᠴᠢᠨ | ᠬᠤᠸᠠᠩ ᠬᠤᠶ ᠹᠧᠩ ᠪᠣᠯ ᠲᠡᠳᠡᠭᠡᠷ ᠤᠨ ᠳᠣᠲᠣᠷᠠᠬᠢ ᠨᠢᠭᠡ ᠨᠢ ᠪᠣᠯᠤᠨ᠎ᠠ᠃ 4 ᠰᠠᠷ᠎ᠠ ᠶᠢᠨ 21 ᠤ ᠡᠳᠦᠷ᠂ ᠬᠤᠸᠠᠩ ᠬᠤᠢ ᠹᠧᠩ ᠨᠠᠷ ᠭᠤᠷᠪᠠᠭᠤᠯᠠ ᠮᠠᠰᠢᠨ | ᠲᠡᠷᠭᠡ ᠵᠢᠯᠣᠭᠤᠳᠤᠨ ᠵᠡᠭᠦᠨ ᠬᠠᠲᠠᠪᠴᠢ ᠪᠣᠭᠤᠮᠲᠠ ᠠᠴᠠ ᠢᠷᠭᠠᠢ ᠵᠦᠭ ᠮᠣᠷᠳᠠᠵᠠᠢ᠂ ᠲᠤᠰ ᠡᠳᠦᠷ ᠤᠨ ᠤᠷᠤᠢ ᠶᠢᠨ 8 ᠴᠠᠭ ᠲᠤ ᠮᠠᠰᠢᠨ ᠲᠡᠷᠭᠡ ᠨᠢ ᠳᠥᠷᠪᠡᠳ | ᠬᠤᠰᠢᠭᠤᠨ ᠤ ᠬᠢᠯᠢ ᠳᠣᠲᠣᠷᠠᠬᠢ G 331 ᠤᠯᠤᠰ ᠤᠨ ᠵᠠᠮ ᠬᠦᠷᠬᠦ ᠦᠶᠡᠰ᠂ ᠲᠡᠷᠭᠡᠨ ᠤ ᠳᠤᠰᠤ ᠨᠢ ᠵᠥᠪᠬᠡᠨ 100 ᠭᠠᠷᠤᠢ ᠺᠢᠯᠤᠮᠧᠲᠷ ᠠᠶᠠᠯᠠᠵᠤ ᠳᠡᠶᠢᠯᠬᠦ | ᠬᠡᠮᠵᠢᠶ᠎ᠡ ᠦᠯᠡᠳᠡᠭᠡᠳ ᠪᠠᠶᠢᠬᠤ ᠲᠤᠬᠢᠶ᠎ᠠ ᠲᠤᠳᠤᠷᠠᠪᠠ᠂ ᠬᠡᠳᠡᠯ᠎ᠠ ᠲᠤᠰᠤ ᠨᠡᠮᠡᠬᠦ ᠦᠷᠳᠡᠭᠡ ᠬᠦᠷᠳᠡᠯ᠎ᠡ ᠪᠠᠰᠠ 200 ᠭᠠᠷᠤᠢ ᠺᠢᠯᠤᠮᠧᠲᠷ ᠶᠠᠪᠤᠬᠤ ᠬᠡᠷᠡᠭᠳᠡᠢ ᠪᠠᠶᠢᠪᠠ᠃ | ︽ᠪᠢᠳᠡ ᠶᠠᠭ ᠲᠣᠰᠣᠨ ᠤ ᠤᠴᠢᠷ ᠲᠤ ᠵᠣᠪᠠᠵᠤ ᠪᠠᠶᠢᠲᠠᠯ᠎ᠠ᠂ ᠭᠡᠨᠡᠳᠲᠡ ᠵᠠᠮ ᠤᠨ ᠬᠠᠵᠠᠭᠤ ᠳᠤ ᠨᠢᠭᠡ ︿ᠵᠢᠯᠣᠭᠤᠴᠢ ᠶᠢᠨ ᠭᠡᠷ﹀ ᠬᠡᠭᠦ ᠫᠠᠶᠢᠰᠠ ᠬᠠᠷᠠᠭᠳᠠᠵᠠᠢ᠂ | ᠲᠡᠭᠡᠭᠡᠳ ᠪᠢᠳᠡ ︿ᠵᠢᠯᠣᠭᠤᠴᠢ ᠶᠢᠨ ᠭᠡᠷ﹀ ᠲᠤ ᠬᠥᠷᠴᠤ ᠲᠣᠰᠣ ᠨᠡᠮᠡᠬᠦ ᠠᠷᠭ᠎ᠠ ᠣᠯᠳᠠᠬᠤ ᠡᠰᠡᠬᠦ ᠶᠢ ᠦᠵᠡᠬᠦ ᠪᠠᠷ ᠪᠤᠯᠪᠠ᠃ ᠲᠡᠨᠳᠡ ᠬᠦᠷᠦᠭᠰᠡᠨ ᠤ ᠳᠠᠷᠠᠭ᠎ᠠ᠂ | ᠪᠢᠳᠡ ᠨᠢᠭᠡ ᠨᠠᠰᠤᠲᠠᠨ ᠢᠶᠠᠷ ᠳᠠᠮᠵᠢᠨ ᠭᠠᠩᠪᠤᠯᠤᠳ ᠢ ᠡᠷᠢᠵᠦ ᠣᠯᠪᠠ᠂ ᠲᠡᠷᠡ ᠪᠠᠷᠢᠨ ᠳᠤᠤᠷ᠎ᠠ ᠪᠠᠨ ᠪᠢᠳᠡᠨ ᠳᠤ ᠨᠢᠭᠡ ᠲᠣᠰᠣ ᠨᠡᠮᠡᠬᠦ ᠭᠠᠵᠠᠷ ᠤᠯᠵᠤ ᠥᠭᠭᠦᠨ᠂ | ᠪᠢᠳᠡᠨ ᠢ ᠬᠠᠪᠰᠤᠷᠴᠤ ᠬᠦᠴᠢᠷᠳᠡᠯ ᠢ ᠰᠶᠢᠳᠪᠦᠷᠢᠯᠡᠪᠡ᠃ ᠲᠡᠷᠡ ᠦᠶᠡᠰ ᠨᠢᠭᠡᠨᠲᠡ ᠣᠷᠣᠢ ᠶᠢᠨ 11 ᠴᠠᠭ ᠪᠣᠯᠴᠢᠬᠠᠵᠠᠶ᠂ ᠪᠢᠳᠡ 100 ᠲᠥᠭᠦᠷᠢᠭ ᠭᠠᠷᠭᠠᠨ | ᠥᠭᠴᠦ ᠭᠠᠩᠪᠤᠯᠤᠳ ᠳᠤ ᠲᠠᠯᠠᠷᠬᠠᠵᠤ ᠪᠠᠶᠢᠬᠤ ᠪᠠᠨ ᠢᠯᠡᠳᠭᠡᠬᠦ ᠳᠤ ᠲᠡᠷᠡ ᠶᠠᠭᠠᠬᠢᠭᠰᠠᠨ ᠴᠤ ᠵᠤᠭᠤᠰ ᠢ ᠬᠤᠷᠢᠶᠠᠬᠤ ᠦᠭᠡᠢ ᠪᠠᠶᠢᠵᠤ᠂ ︿ᠪᠢ ᠵᠣᠭᠤᠰ ᠤᠨ | ᠲᠥᠯᠥᠭᠡ ᠲᠠ ᠨᠠᠷ ᠢ ᠬᠠᠪᠰᠤᠷᠤᠭᠰᠠᠨ ᠪᠢᠰᠢ﹀ ᠭᠡᠪᠡ︾ ᠭᠡᠵᠦ ᠬᠤᠸᠠᠩ ᠬᠤᠢ ᠹᠧᠩ ᠬᠡᠯᠡᠵᠤ ᠪᠠᠶᠢᠪᠠ᠃ | ᠲᠤᠰᠠᠯᠠᠮᠵᠢ ᠭᠤᠶᠤᠬᠰᠠᠨ ᠤᠲᠠᠰᠤ ᠢᠷᠡᠪᠠᠯ ᠭᠠᠨᠭ᠍ᠪᠤᠯᠤᠤᠠ ᠡᠳᠦᠷ ᠰᠥᠨᠢ ᠢᠯᠭᠠᠯ ᠦᠭᠡᠢ᠂ ᠲᠩᠷᠢ ᠬᠡᠳᠦᠢ ᠮᠠᠭᠤᠬᠠᠢ ᠪᠠᠶᠢᠭᠰᠠᠨ ᠴᠤ ᠬᠠᠮᠢᠶᠠᠷᠤᠯ ᠦᠭᠡᠢ᠂ | ᠠᠪᠤᠷᠠᠨ ᠲᠤᠰᠠᠯᠠᠬᠤ ᠪᠠᠷ ᠲᠠᠷᠦ᠋ᠢᠬᠠᠨ ᠮᠤᠷᠳᠠᠵᠤ᠂ ᠲᠡᠳᠡᠭᠡᠷ ᠲᠤᠰᠠᠯᠠᠮᠵᠢ ᠬᠦᠷᠳᠡᠬᠦ ᠴᠢᠬᠤᠯᠠᠲᠠᠢ ᠬᠦᠮᠦᠰ ᠲᠤ ᠬᠠᠪᠰᠤᠷᠳᠠᠭ᠃ | ᠤᠯᠠᠨ ᠵᠢᠯ ᠤᠨ ᠲᠤᠷᠰᠢ᠂ 160 ᠭᠠᠷᠤᠢ ᠺᠢᠯᠤᠮᠧᠲᠷ ᠤᠷᠳᠤ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠬᠡᠪᠴᠢᠶᠡᠨ ᠳᠤ᠂ ᠭᠠᠨᠭ᠍ᠪᠤᠯᠤᠤᠠ 1.2 | ᠲᠦᠮᠡ ᠭᠠᠷᠤᠢ ᠠᠪᠤᠷᠠᠨ ᠲᠤᠰᠠᠯᠠᠬᠤ ᠴᠢᠬᠤᠯᠠᠲᠠᠢ ᠮᠠᠰᠢᠨ ᠲᠡᠷᠭᠡ ᠳᠤ ᠬᠠᠪᠰᠤᠷᠤᠯᠭ᠎ᠠ ᠦᠵᠡᠭᠦᠯᠵᠦ᠂ ᠬᠢᠯᠢ ᠶᠢᠨ ᠱᠤᠭᠤᠮ ᠳᠡᠭᠡᠷ᠎ᠡ ᠬᠡᠪ ᠤᠨ ᠪᠤᠰᠤ ᠠᠭᠤᠷ | ᠠᠮᠢᠰᠬᠤᠯ ᠳᠤ ᠬᠠᠰᠢᠭᠳᠠᠭᠰᠠᠨ 35 ᠵᠢᠯᠣᠭᠤᠴᠢ ᠶᠢᠨ ᠠᠶᠤᠯ ᠲᠦᠭᠰᠢᠭᠦᠷᠢ ᠶᠢ ᠠᠮᠤᠷ ᠲᠦᠪᠰᠢᠨ ᠪᠣᠯᠭᠠᠨ ᠬᠤᠪᠢᠷᠠᠭᠤᠯᠪᠠ᠃ ᠲᠡᠷᠡ ᠪᠠᠰᠠ ᠡᠷᠬᠢᠨ ᠲᠣᠭᠤᠷᠢᠨ ᠤ | 5 ᠰᠤᠮᠤ ᠶᠢᠨ 27 ᠭᠠᠴᠡᠭᠠᠨ ᠤ 8400 ᠭᠠᠷᠤᠢ ᠲᠡᠭᠰᠢ ᠳᠥᠷᠪᠡᠯᠵᠢᠨ ᠺᠢᠯᠤᠮᠧᠲᠷ ᠤᠨ ᠳᠣᠲᠣᠷᠠᠬᠢ 430 ᠭᠠᠷᠤᠢ ᠮᠠᠯᠴᠢᠨ ᠢ ᠬᠠᠪᠰᠤᠷᠤᠨ ᠡᠯ᠎ᠡ ᠵᠦᠢᠯ ᠤᠨ | ᠲᠡᠷᠭᠡ ᠬᠥᠰᠭᠡ ᠶᠢ ᠨᠢ ᠰᠡᠯᠪᠢᠨ ᠵᠠᠰᠠᠵᠤ᠂ ᠤᠯᠠᠨ ᠲᠦᠮᠡᠨ ᠤ ᠲᠤᠯᠭᠠᠮ ᠠᠰᠠᠭᠤᠳᠠᠯ ᠢ ᠨᠢ ᠰᠢᠢᠳᠪᠦᠷᠢᠯᠡᠵᠠᠢ᠃ | ᠵᠠᠮ ᠳᠡᠭᠡᠷ᠎ᠡ ᠠᠪᠤᠷᠠᠨ ᠲᠤᠰᠠᠯᠠᠬᠤ ᠠᠴᠠ ᠭᠠᠳᠠᠨ᠎ᠠ᠂ ᠭᠠᠨᠭ᠍ᠪᠤᠯᠤᠤᠠ ᠪᠠᠰᠠ ᠲᠤᠬᠠᠶ ᠶᠢᠨ ᠭᠠᠵᠠᠷ ᠤᠨ ᠮᠠᠯᠴᠢᠳ ᠤᠨ ᠰᠡᠳᠭᠢᠯ ᠳᠠᠬᠢ ︽ᠰᠡᠳᠭᠢᠯ ᠢ | ᠳᠤᠯᠠᠭᠠᠴᠡᠭᠤᠯᠤᠭᠴᠢ︾ ᠪᠣᠯᠵᠣ᠂ ᠶᠡᠭᠡ ᠠᠴᠠ ᠥᠨᠳᠥᠷ ᠬᠦᠴᠦᠳᠡᠯᠲᠦ ᠴᠠᠬᠢᠯᠭᠠᠨ ᠳᠤ ᠠᠰᠠᠭᠤᠳᠠᠯ ᠭᠠᠷᠬᠤ᠂ ᠲᠠᠷᠢᠶᠠᠯᠠᠩ ᠳᠤ ᠬᠡᠷᠡᠭᠯᠡᠬᠦ ᠮᠠᠰᠢᠨ ᠳᠤ ᠬᠡᠮᠳᠤᠯ | ᠭᠠᠷᠬᠤ᠂ ᠪᠠᠭ᠎ᠠ ᠠᠴᠠ ᠪᠤᠳᠠᠭ᠎ᠠ ᠴᠢᠨᠠᠬᠤ ᠴᠠᠬᠢᠯᠭᠠᠨ ᠲᠣᠭᠤᠭ᠎ᠠ ᠡᠪᠳᠡᠷᠡᠬᠦ᠂ ᠡᠭᠦᠳᠡ ᠴᠣᠩᠬᠤ ᠪᠠᠨ ᠬᠠᠭᠠᠵᠤ ᠳᠡᠶᠢᠯᠬᠦ ᠥᠬᠡᠶ ᠪᠤᠯᠬᠤ ᠵᠡᠷᠭᠡ ᠤᠴᠢᠷ ᠶᠠᠪᠤᠳᠠᠯ ᠢ | ᠰᠶᠢᠳᠪᠦᠷᠢᠯᠡᠬᠦ ᠳᠤ ᠲᠤᠰᠠᠯᠠᠵᠤ᠂ ᠮᠠᠯᠴᠢᠳ ᠬᠦᠴᠢᠷᠳᠡᠯ ᠲᠤᠯᠭᠠᠷᠠᠮᠠᠭᠴᠠ ᠶᠠᠭᠤᠨ ᠤ ᠡᠮᠦᠨ᠎ᠡ ᠲᠡᠭᠦᠨ ᠢ ᠪᠤᠳᠤᠵᠤ ᠣᠯᠳᠠᠭ᠃ | ᠸᠧᠢ ᠵᠢᠩ ᠭᠠᠴᠡᠭᠠᠨ ᠤ ᠬᠢᠯᠢ ᠶᠢᠨ ᠬᠠᠮᠠᠭᠠᠯᠠᠭᠴᠢ ᠵᠠᠩ ᠭᠧᠨ ᠵᠦ᠄ ︽ᠪᠢ ᠪᠣᠯ ᠭᠠᠩᠪᠤᠯᠤᠳ ᠤᠨ ᠬᠠᠮᠲᠤ ᠠᠵᠢᠯᠯᠠᠭᠴᠢ᠂ ᠲᠡᠭᠦᠨ ᠤ ᠨᠠᠷᠢᠨ ᠬᠢᠨᠠᠮᠠᠭᠠᠢ | ᠠᠵᠢᠯ ᠤᠨ ᠣᠪᠣᠷ ᠢ ᠪᠢ ᠲᠦᠢᠯ ᠢᠶᠠᠷ ᠮᠠᠭᠲᠠᠨ ᠰᠠᠶᠢᠰᠢᠶᠠᠵᠤ ᠪᠠᠶᠢᠨ᠎ᠠ᠂ ᠲᠡᠷᠡ ᠮᠠᠨ ᠤ ᠡᠷᠬᠢᠨ ᠲᠣᠭᠤᠷᠢᠨ ᠤ ᠮᠠᠯᠴᠢᠳ ᠢ ᠮᠠᠰᠢ ᠤᠯᠠᠨ ᠤᠳᠠᠭ᠎ᠠ ᠬᠠᠪᠰᠤᠷᠴᠠᠢ᠃ | ᠨᠢᠳᠤᠨᠤᠨ ᠡᠪᠦᠯ ᠮᠠᠰᠢ ᠬᠦᠢᠲᠡᠨ ᠪᠠᠶᠢᠵᠤ᠂ ᠲᠡᠷᠡ ᠶᠡᠭᠡ ᠴᠠᠰᠤᠨ ᠳᠤ ᠬᠠᠰᠢᠭᠳᠠᠭᠰᠠᠨ ᠲᠡᠷᠭᠡ ᠶᠢ ᠠᠪᠤᠷᠠᠬᠤ ᠭᠡᠳ ᠬᠤᠶᠠᠷ ᠭᠠᠷ ᠨᠢ ᠬᠦᠯᠳᠡᠵᠤ ᠬᠠᠪᠤᠳᠤᠭᠰᠠᠨ | ᠪᠠᠶᠢᠲᠠᠯ᠎ᠠ ᠶᠠᠮᠠᠷ ᠴᠦ ᠭᠤᠮᠣᠳᠠᠯ ᠤᠨ ᠦᠭᠡ ᠦᠭᠡᠢ ᠪᠠᠶᠢᠯ᠎ᠠ᠃ ᠲᠡᠭᠦᠨ ᠤ ᠠᠪᠤᠷᠠᠨ ᠲᠤᠰᠠᠯᠠᠯᠲᠠ ᠨᠢ ᠬᠠᠮᠤᠭ ᠤᠨ ᠬᠤᠯᠠ ᠳᠠᠭᠠᠨ 200 ᠺᠢᠯᠤᠮᠧᠲᠷ ᠬᠤᠯᠠ | ᠪᠠᠶᠢᠭ᠎ᠠ ᠪᠤᠭᠤᠲᠤ ᠶᠢᠨ ᠮᠠᠨᠳᠤᠯ ᠳᠤ ᠬᠦᠷᠦᠭᠰᠡᠨ ᠪᠠᠶᠢᠳᠠᠭ︾ ᠭᠡᠵᠦ ᠬᠡᠯᠡᠪᠡ᠃ | ᠭᠠᠩᠪᠤᠯᠤᠳ ᠦᠪᠡᠷ ᠪᠡᠶ᠎ᠡ ᠪᠠᠨ ᠤᠮᠠᠷᠳᠠᠵᠤ ᠤᠯᠠᠨ ᠨᠡᠶᠢᠳᠡ ᠶᠢᠨ ᠲᠥᠯᠥᠭᠡ ᠰᠢᠷᠭᠠᠭᠤ ᠬᠥᠳᠡᠯᠮᠦᠷᠢᠯᠡᠨ᠂ ᠭᠤᠶᠠᠴᠢ ᠦᠭᠡᠢ ᠵᠢᠳᠬᠦᠭᠰᠡᠨ ᠨᠢ ᠠᠷᠤ ᠭᠡᠷ ᠤᠨ | ᠬᠢᠨᠢ ᠳᠡᠮᠵᠢᠯᠭᠡ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠲᠡᠭᠦᠨ ᠤ ᠭᠡᠷᠭᠡᠢ ᠨᠢ ᠤᠷᠠᠨ᠎ᠠ᠄ ︽ᠬᠤᠶᠢᠰᠢᠳᠠ ᠪᠢ ᠲᠡᠭᠦᠨ ᠤ ᠰᠠᠶᠢᠨ ᠬᠥᠮᠥᠨ ᠤ | ᠰᠠᠶᠢᠨ ᠦᠢᠯᠡ ᠶᠠᠪᠤᠳᠠᠯ ᠬᠢᠬᠦ ᠶᠢ ᠦᠷᠭᠦᠯᠵᠢᠯᠡᠨ ᠲᠡᠮᠵᠢᠨ᠎ᠠ︾ ᠭᠡᠪᠡ᠃ ᠭᠠᠩᠪᠤᠯᠤᠳ᠄ ︽ᠦᠨᠡᠨ ᠢ ᠬᠡᠯᠡᠬᠦ ᠳᠤ᠂ ᠮᠢᠨᠤ ᠥᠨᠥᠳᠥᠷ ᠤᠨ ᠠᠮᠵᠢᠯᠲᠠ ᠪᠦᠲᠦᠮᠵᠢ | ᠭᠡᠷᠭᠡᠢ ᠶᠢᠨ ᠮᠢᠨᠢ ᠭᠠᠪᠢᠶ᠎ᠠ ᠵᠢᠳᠬᠦᠯ ᠠᠴᠠ ᠰᠠᠯᠵᠤ ᠴᠢᠳᠠᠬᠤ ᠦᠭᠡᠢ᠂ ᠵᠠᠷᠢᠮ ᠳᠠᠭᠠᠨ ᠠᠪᠤᠷᠠᠨ ᠲᠤᠰᠠᠯᠠᠬᠤ ᠪᠠᠷ ᠰᠥᠨᠢ ᠳᠦᠯᠢ ᠪᠠᠷ ᠨᠠᠭᠠᠰᠢ ᠴᠠᠭᠠᠰᠢ ᠶᠠᠪᠤᠬᠤ ᠳᠤ | ᠨᠠᠮᠠᠢᠢ ᠵᠠᠮ ᠳᠠᠭᠠᠨ ᠤᠨᠲᠠᠬᠤ ᠠᠴᠠ ᠠᠶᠤᠭᠠᠳ ᠲᠡᠷᠡ ᠨᠠᠳᠠ ᠳᠤ ᠬᠠᠨᠢ ᠪᠤᠯᠵᠤ ᠵᠠᠮ ᠲᠤᠷᠰᠢ ᠰᠠᠨᠠᠭᠤᠯᠵᠤ ᠶᠠᠪᠤᠳᠠᠭ︕︾ ᠭᠡᠵᠤ ᠭᠠᠩᠪᠤᠯᠤᠳ ᠨᠦᠬᠦᠵᠦ ᠬᠡᠯᠡᠪᠡ᠃ | ᠣᠯᠠᠨ ᠵᠢᠯ ᠤᠨ ᠲᠤᠷᠰᠢ ᠭᠠᠩᠪᠤᠯᠤᠳ ᠰᠢᠷᠭᠠᠭᠤ ᠬᠥᠳᠡᠯᠮᠦᠷᠢ ᠪᠠᠷ ᠢᠶᠠᠨ ᠮᠠᠰᠢ ᠣᠯᠠᠨ ᠢᠷᠠᠭᠤ ᠠᠯᠳᠠᠷ ᠭᠥᠷᠳᠡᠵᠠᠢ᠂ ᠡᠭᠦᠨ ᠳᠤ 2024 ᠣᠨ ᠤ | ᠳᠥᠷᠪᠡᠳᠦᠭᠡᠷ ᠤᠯᠠᠷᠢᠯ ᠤᠨ ︽ᠳᠤᠮᠳᠠᠳᠤ ᠤᠯᠤᠰ ᠤᠨ ᠰᠠᠶᠢᠨ ᠬᠥᠮᠥᠨ ᠤ ᠨᠡᠷᠡᠰ · ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ ᠰᠠᠶᠢᠨ ᠬᠦᠮᠦᠨ︾ ︽ | ᠠᠷᠪᠠᠳᠤᠭᠠᠷ ᠪᠦᠯᠦᠭ ᠤᠨ ᠪᠥᠬᠦ ᠤᠯᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠯᠧᠢ ᠹᠧᠩ ᠠᠴᠠ ᠰᠤᠷᠤᠯᠴᠠᠭᠰᠠᠨ ᠪᠢᠶᠤᠤᠪᠢᠩ︾ ᠵᠡᠷᠭᠡ ᠱᠠᠩᠨᠠᠯ ᠬᠦᠬᠢᠬᠦᠯᠦᠯ | ᠪᠠᠶᠢᠳᠠᠭ᠃ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠭᠰᠡᠨ ᠨᠢ ᠭᠠᠩᠪᠤᠯᠤᠳ ᠲᠤ ᠠᠪᠴᠤ ᠬᠡᠯᠡᠪᠡᠯ ᠪᠠᠰᠠ ᠨᠢᠭᠡᠨ ᠰᠢᠨ᠎ᠡ | ᠡᠬᠢᠯᠡᠯᠲᠡ ᠪᠠᠶᠢᠯ᠎ᠠ᠃ ᠲᠡᠷᠡ᠄ ︽︿ᠤᠯᠤᠰ ᠤᠨ ᠬᠡᠦᠬᠡᠳ﹀ ᠤᠨ ᠦᠷ᠎ᠡ ᠬᠤᠶᠢᠴᠢ ᠪᠣᠯᠤᠭᠰᠠᠨ ᠤ ᠬᠤᠪᠢ ᠳᠤ᠂ ᠪᠢ ᠨᠡᠶᠢᠭᠡᠮ ᠳᠤ ᠠᠴᠢ ᠬᠠᠷᠢᠭᠤᠯᠵᠤ᠂ | ᠤᠯᠤᠰ ᠤᠨ ᠠᠴᠢ ᠶᠢ ᠬᠠᠷᠢᠭᠤᠯᠬᠤ ᠬᠠᠷᠢᠭᠤᠴᠠᠯᠭ᠎ᠠ ᠲᠠᠢ᠂ ᠪᠢ ᠬᠥᠳᠡᠯᠮᠦᠷᠢ ᠶᠢᠨ ᠵᠢᠱᠢᠶᠡᠴᠢ ᠶᠢᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠰᠠᠶᠢᠲᠤᠷ | ᠪᠠᠳᠠᠷᠠᠭᠤᠯᠵᠤ᠂ ᠨᠡᠩ ᠤᠯᠠᠨ ᠬᠡᠷᠡᠭᠴᠡᠭᠡ ᠱᠠᠭᠠᠷᠳᠠᠯᠭ᠎ᠠ ᠲᠠᠢ ᠬᠥᠮᠥᠰ ᠲᠤ ᠬᠠᠪᠰᠤᠷᠤᠨ᠎ᠠ︾ ᠭᠡᠵᠤ ᠪᠠᠶᠢᠯ᠎ᠠ᠃ | | | | |