ᠵᠢᠷᠭᠠᠯ ᠤᠨ ᠵᠠᠮ ᠳᠡᠭᠡᠷᠡᠬᠢ ︽ᠬᠡᠷᠡᠭᠴᠡᠭᠡ ᠲᠠᠢ︾ ᠬᠥᠮᠦᠨ ᠪᠤᠯᠤᠨ᠎ᠠ — ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠥᠪᠥᠷ ᠮᠣᠩᠭᠤᠯ ᠤᠨ ᠶᠤᠸᠠᠨ ᠲᠦᠩ ᠲᠦᠷᠭᠡᠨ ᠬᠦᠷᠭᠡᠯᠲᠡ ᠶᠢᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠵᠦᠩᠱᠠᠨ ᠬᠤᠪᠢᠶᠠᠷᠢ ᠺᠣᠮᠫᠠᠨᠢ ᠶᠢᠨ ᠲᠦᠷᠭᠡᠨ ᠬᠦᠷᠭᠡᠭᠴᠢ ᠯᠢ ᠰᠢᠶᠤᠤ ᠸᠠᠩ ᠢ ᠲᠡᠮᠳᠡᠭᠯᠡᠪᠡ
ᠨᠡᠶᠢᠲᠡᠯᠡᠭᠰᠡᠨ ᠴᠠᠭ᠄
2025/4/30
   ︽ᠯᠢ ᠠᠪᠠᠭ᠋ᠠᠢ᠂ ᠲᠠ ᠰᠠᠶᠢᠨ ᠤᠤ᠃ ᠪᠢ ᠪᠣᠯ ᠶᠤᠸᠠᠨ ᠲᠦᠩ ᠲᠦᠷᠭᠡᠨ ᠬᠦᠷᠭᠡᠯᠲᠡ ᠶᠢᠨ ᠲᠦᠷᠭᠡᠨ ᠬᠦᠷᠭᠡᠭᠴᠢ ᠪᠤᠯᠤᠨ᠎ᠠ᠂ ᠲᠠᠨ ᠤ ᠵᠠᠬᠢᠶᠠᠯᠠᠭᠰᠠᠨ ᠶᠠᠭᠤᠮ᠎ᠠ ᠶᠢ ᠬᠦᠷᠭᠡᠵᠦ ᠢᠷᠡᠯ᠎ᠡ᠂ ᠪᠢ ᠣᠳᠣ ᠰᠠᠭᠤᠭᠠᠯᠢ ᠠᠷᠠᠳ ᠤᠨ ᠲᠤᠭᠤᠷᠢᠭ ᠤᠨ ᠡᠭᠦᠳᠡᠨ ᠳᠤ ᠪᠠᠶᠢᠨ᠎ᠠ ᠁︾ ᠡᠳᠦᠷ ᠪᠦᠷᠢ ᠨᠠᠭᠠᠳᠤ ᠵᠠᠬ᠎ᠠ ᠨᠢ 300 ᠤᠳᠠᠭ᠎ᠠ ᠤᠲᠠᠰᠤᠳᠠᠳᠠᠭ ᠴᠦ ᠯᠢ ᠰᠢᠶᠣᠤ ᠸᠠᠩ ᠤᠨ ᠲᠠᠭᠤᠨ ᠦᠡᠭᠭᠡ ᠨᠢ ᠬᠡᠵᠢᠶᠡᠳᠡ ᠲᠠᠯᠪᠢᠭᠤ ᠮᠦᠷᠳᠡᠭᠡᠨ ᠪᠠᠶᠠᠷᠳᠠᠢ ᠪᠠᠶᠢᠳᠠᠭ᠃    ᠲᠦᠷᠭᠡᠨ ᠬᠦᠷᠭᠡᠯᠲᠡ ᠶᠢᠨ ᠠᠵᠢᠯ ᠢ ᠬᠢᠭᠰᠡᠨ 8 ᠵᠢᠯ ᠳᠤ᠂ ᠰᠠᠷ᠎ᠠ ᠪᠦᠷᠢ 3000 ᠵᠠᠬᠢᠶᠠᠯᠠᠭ᠎ᠠ ᠬᠦᠷᠭᠡᠵᠦ᠂ 300 ᠵᠠᠬᠢᠶᠠᠯᠠᠭ᠎ᠠ ᠬᠤᠷᠢᠶᠠᠨ ᠠᠪᠳᠠᠭ ᠪᠠᠶᠢᠭᠰᠠᠨ ᠠᠴᠠ ᠣᠲᠣ ᠪᠤᠯᠬᠤ ᠳᠤ ᠰᠠᠷ᠎ᠠ ᠪᠦᠷᠢ 10000 ᠵᠠᠬᠢᠶᠠᠯᠠᠭ᠎ᠠ ᠬᠦᠷᠭᠡᠵᠦ᠂ 3000 ᠵᠠᠬᠢᠶᠠᠯᠠᠭ᠎ᠠ ᠬᠤᠷᠢᠶᠠᠨ ᠠᠪᠴᠤ᠂ ᠭᠠᠷ ᠤᠨ ᠥᠰᠥᠭ ᠵᠢᠷᠤᠵᠤ ᠬᠤᠷᠢᠶᠠᠨ ᠠᠪᠤᠭᠰᠠᠨ ᠨᠣᠷᠮ᠎ᠠ 99% ᠳᠤ ᠬᠦᠷᠴᠦ᠂ ᠬᠡᠷᠡᠭᠯᠡᠭᠴᠢᠳ ᠤᠨ ᠰᠠᠶᠢᠨ ᠦᠨᠡᠯᠡᠯᠲᠡ ᠶᠢᠨ ᠨᠣᠷᠮ᠎ᠠ 100% ᠳᠤ ᠬᠦᠷᠴᠦ᠂ ᠥᠪᠥᠷ ᠮᠣᠩᠭᠤᠯ ᠤᠨ ᠶᠤᠸᠠᠨ ᠲᠦᠩ ᠲᠦᠷᠭᠡᠨ ᠬᠦᠷᠭᠡᠯᠲᠡ ᠶᠢᠨ ᠰᠢᠰᠲ᠋ᠧᠮ ᠤᠨ ᠬᠢᠨ ᠤ ᠳᠣᠲᠣᠷ᠎ᠠ ᠵᠢᠯ ᠲᠤᠷᠰᠢ ᠲᠡᠷᠢᠭᠦᠯᠡᠳᠡᠭ ᠪᠤᠯᠪᠠ᠃    ᠡᠲᠡᠭᠡᠷ ᠲᠤᠭ᠎ᠠ ᠪᠠᠷᠢᠮᠲᠠ ᠨᠢ᠂ ᠥᠪᠥᠷ ᠮᠣᠩᠭᠤᠯ ᠤᠨ ᠶᠤᠸᠠᠨ ᠲᠦᠩ ᠲᠦᠷᠭᠡᠨ ᠬᠦᠷᠭᠡᠯᠲᠡ ᠶᠢᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠵᠥᠩᠱᠠᠨ ᠬᠤᠪᠢᠶᠠᠷᠢ ᠺᠣᠮᠫᠠᠨᠢ ᠶᠢᠨ ᠲᠦᠷᠭᠡᠨ ᠬᠦᠷᠭᠡᠭᠴᠢ ᠯᠢ ᠰᠢᠶᠤᠤ ᠸᠠᠩ ᠤᠨ ᠡᠳᠦᠷ ᠪᠦᠷᠢ ᠬᠠᠳᠠᠭᠤᠵᠢᠯᠳᠠᠢ ᠴᠢᠷᠮᠠᠶᠢᠨ ᠠᠵᠢᠯᠯᠠᠵᠤ᠂ ᠨᠢᠭᠡ ᠨᠢᠭᠡ ᠵᠠᠬᠢᠶᠠᠯᠠᠭ᠎ᠠ ᠪᠠᠷ ᠳ᠋ᠦᠩᠨᠡᠨ ᠡᠷᠭᠢᠴᠡᠭᠦᠯᠵᠦ᠂ ᠤᠳᠠᠭ᠎ᠠ ᠳᠠᠷᠠᠭᠠᠯᠠᠨ ᠰᠢᠯᠢᠳᠡᠭᠵᠢᠭᠦᠯᠦᠨ ᠳᠡᠭᠡᠭᠰᠢᠯᠡᠭᠦᠯᠦᠭᠰᠡᠨ ᠤ ᠦᠷ᠎ᠡ ᠳ᠋ᠦᠩ᠂ ᠮᠦᠨ ᠴᠤ ᠲᠡᠭᠦᠨ ᠤ ᠵᠢᠷᠭᠠᠯ ᠤᠨ ᠵᠠᠮ ᠳᠡᠭᠡᠷᠡᠬᠢ ︽ᠬᠡᠷᠡᠭᠴᠡᠭᠡ ᠲᠠᠢ︾ ᠬᠥᠮᠦᠨ ᠪᠣᠯᠬᠤ ᠪᠠᠷ ᠵᠣᠷᠢᠭ ᠰᠢᠭᠤᠳᠤᠭᠰᠠᠨ ᠤ ᠬᠢ ᠦᠷ᠎ᠡ ᠳ᠋ᠦᠩ ᠶᠤᠮ᠃    ᠵᠠᠬᠢᠶᠠᠯᠠᠭ᠎ᠠ ᠬᠦᠷᠭᠡᠬᠦ ᠵᠠᠪᠰᠠᠷ ᠢᠶᠠᠷ᠂ ᠯᠢ ᠰᠢᠶᠤᠤ ᠸᠠᠩ ᠰᠠᠭᠤᠭᠠᠯᠢ ᠠᠷᠠᠳ ᠤᠨ ᠲᠣᠭᠤᠷᠢᠭ ᠤᠨ ᠠᠮᠤᠷ ᠢ ᠬᠠᠮᠠᠭᠠᠯᠠᠭᠴᠢ᠂ ᠰᠢᠳᠠᠷ᠎ᠠ ᠲᠠᠯᠪᠢᠵᠤ ᠪᠠᠶᠢᠭ᠎ᠠ ᠡᠪᠦᠭᠡᠨ ᠲᠠᠢ ᠵᠣᠭᠤᠭᠳᠠᠵᠤ᠂ ᠠᠰᠠᠷ ᠤᠨ ᠲᠠᠷᠬᠠᠯᠲᠠ᠂ ᠰᠠᠭᠤᠭᠠᠯᠢ ᠠᠷᠠᠳ ᠤᠨ ᠠᠮᠢᠳᠤᠷᠠᠯ ᠤᠨ ᠳᠠᠳᠬᠠᠯ ᠵᠡᠷᠭᠡ ᠰᠠᠭᠤᠭᠠᠯᠢ ᠠᠷᠠᠳ ᠤᠨ ᠲᠣᠭᠤᠷᠢᠭ ᠤᠨ ᠪᠣᠳᠠᠲᠠᠢ ᠪᠠᠶᠢᠳᠠᠯ ᠢ ᠣᠶᠢᠯᠠᠭᠠᠵᠤ᠂ ᠬᠤᠵᠢᠮ ᠤᠨ ᠵᠠᠬᠢᠶᠠᠯᠠᠭ᠎ᠠ ᠬᠦᠷᠭᠡᠬᠦ ᠳᠡᠭᠡᠨ ᠮᠡᠳᠡᠭᠡ ᠵᠠᠩᠬᠢ ᠴᠤᠭᠯᠠᠭᠤᠯᠤᠨ᠎ᠠ᠃ ᠬᠠᠮᠲᠤ ᠠᠵᠢᠯᠯᠠᠭᠰᠠᠳ ᠨᠢ ᠲᠡᠭᠦᠨ ᠢ ︽ᠶᠠᠪᠠᠭᠠᠨ ᠭᠠᠵᠠᠷ ᠤᠨ ᠵᠢᠷᠤᠭ︾ ᠭᠡᠯᠴᠡᠳᠡᠭ᠃    ︽ᠡᠳᠦᠷ ᠤᠨ ᠠᠵᠢᠯ ᠢᠶᠠᠨ ᠳᠠᠭᠤᠰᠬᠠᠭᠰᠠᠨ ᠤ ᠳᠠᠷᠠᠭ᠎ᠠ᠂ ᠪᠢ ᠴᠠᠭᠠᠰᠤ ᠭᠠᠷᠭᠠᠵᠤ ᠵᠢᠷᠤᠳᠠᠭ᠂ ᠪᠢᠷ ᠴᠠᠭᠠᠰᠤ ᠪᠠᠶᠢᠬᠤ ᠦᠭᠡᠢ ᠪᠣᠯ ᠮᠤᠳᠤ ᠣᠯᠵᠤ ᠭᠠᠵᠠᠷ ᠳᠡᠭᠡᠷ᠎ᠡ ᠵᠢᠷᠤᠨ᠎ᠠ᠂ ᠥᠨᠥᠳᠦᠷ ᠲᠦᠷᠭᠡᠨ ᠬᠦᠷᠭᠡᠯᠲᠡ ᠪᠠᠨ ᠬᠡᠷᠬᠢᠨ ᠬᠦᠷᠭᠡᠭᠰᠡᠨ᠂ ᠴᠠᠭ ᠢᠶᠠᠨ ᠶᠠᠭᠠᠭᠢᠵᠦ ᠰᠠᠭᠠᠲᠠᠭᠠᠭᠰᠠᠨ ᠵᠡᠷᠭᠡ ᠪᠠᠨ ᠡᠷᠭᠢᠴᠡᠭᠦᠯᠵᠦ᠂ ᠳᠠᠷᠠᠭ᠎ᠠ ᠡᠳᠦᠷ ᠨᠢ ᠵᠣᠬᠢᠬᠤ ᠲᠣᠬᠢᠷᠠᠭᠤᠯᠤᠯᠲᠠ ᠬᠢᠵᠦ᠂ ᠠᠯᠢ ᠴᠢᠳᠠᠬᠤ ᠪᠠᠷ ᠴᠠᠭ ᠢ ᠪᠦᠷᠢᠯᠭᠡᠬᠦ ᠠᠴᠠ ᠵᠠᠶᠢᠯᠠᠰᠭᠢᠨ᠎ᠡ᠃ ᠵᠢᠱᠢᠶᠡᠯᠡᠪᠡᠯ᠂ ᠠᠯᠢ ᠵᠠᠮ ᠨᠢ ᠰᠤᠷᠭᠠᠭᠤᠯᠢ ᠴᠤᠭᠯᠠᠬᠤ᠂ ᠰᠤᠷᠭᠠᠭᠤᠯᠢ ᠲᠠᠷᠬᠠᠬᠤ ᠣᠷᠭᠢᠯ ᠤᠨ ᠬᠤᠭᠤᠴᠠᠭᠠᠨ ᠳᠤ ᠲᠦᠭᠵᠢᠷᠡᠬᠦ᠂ ᠵᠠᠷᠢᠮ ᠠᠵᠢᠯᠯᠠᠬᠤ ᠠᠰᠠᠷ ᠤᠨ ᠬᠢᠨ 9 ᠴᠠᠭ ᠠᠴᠠ ᠡᠮᠦᠨ᠎ᠡ ᠠᠵᠢᠯᠯᠠᠬᠤ ᠦᠭᠡᠢ ᠪᠤᠯᠬᠤᠷ ᠬᠦᠷᠭᠡᠬᠦ ᠶᠢᠨ ᠠᠷᠭ᠎ᠠ ᠦᠭᠡᠢ ᠵᠡᠷᠭᠡ᠃ ᠡᠷᠭᠢᠴᠡᠭᠦᠯᠦᠨ ᠲᠤᠩᠭᠠᠭᠰᠠᠨ ᠤ ᠳᠠᠷᠠᠭ᠎ᠠ᠂ ᠪᠢ ᠡᠳᠡᠭᠡᠷ ᠪᠠᠶᠢᠳᠠᠯ ᠳᠤ ᠴᠢᠭᠯᠡᠭᠦᠯᠦᠨ ᠵᠠᠮ ᠱᠤᠭᠤᠮ ᠪᠠ ᠴᠠᠭ ᠢᠶᠠᠨ ᠲᠣᠬᠢᠷᠠᠭᠤᠯᠵᠤ᠂ ᠬᠦᠷᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠳᠡᠭ︾᠃ ᠡᠨᠡ ᠬᠦ ᠳᠠᠳᠬᠠᠯ ᠢᠶᠠᠨ ᠯᠢ ᠰᠢᠶᠤᠤ ᠸᠠᠩ 8 ᠵᠢᠯ ᠪᠠᠷᠢᠮᠲᠠᠯᠠᠵᠤ᠂ ᠤᠳᠤ ᠬᠠᠮᠲᠤ ᠠᠵᠢᠯᠯᠠᠭᠰᠠᠳ ᠨᠢ ᠲᠡᠭᠦᠨ ᠢ ︽ᠪᠦᠷᠢᠨ ᠴᠢᠳᠠᠪᠤᠷᠢᠲᠠᠨ︾ ᠭᠡᠵᠦ ᠱᠣᠭᠯᠠᠨ ᠳᠠᠭᠤᠳᠠᠳᠠᠭ ᠪᠤᠯᠪᠠ᠃ ᠲᠡᠷᠡ ᠥᠪᠡᠷ ᠤᠨ ᠬᠤᠷᠠᠮᠳᠤᠭᠤᠯᠤᠭᠰᠠᠨ ᠲᠤᠷᠰᠢᠯᠭ᠎ᠠ ᠪᠠᠨ ᠳᠤᠷᠠᠲᠠᠶ᠎ᠠ ᠬᠠᠮᠲᠤ ᠠᠵᠢᠯᠯᠠᠭᠰᠠᠳ ᠲᠠᠢ ᠪᠠᠨ ᠬᠤᠪᠢᠶᠠᠯᠴᠠᠵᠤ᠂ ᠣᠯᠠᠨ ᠢᠶᠠᠷ ᠢᠶᠠᠨ ᠲᠦᠷᠭᠡᠨ ᠬᠦᠷᠭᠡᠯᠲᠡ ᠢᠢᠨ ᠠᠵᠢᠯ ᠲᠥᠷᠥᠯ ᠤᠨ ᠬᠥᠭᠵᠢᠯᠲᠡ ᠳᠤ ᠬᠦᠴᠦ ᠨᠡᠮᠡᠷᠢᠯᠡᠨ᠎ᠡ᠃    ᠯᠢ ᠰᠢᠶᠣᠤ ᠸᠠᠩ ᠪᠠᠰᠠ ᠨᠢᠭᠡ ︽ᠠᠮᠵᠢᠯᠳᠠ ᠶᠢᠨ ᠰᠢᠳᠢᠲᠦ ᠵᠤᠷ︾ ᠬᠤᠷᠢᠶᠠᠩᠭᠤᠶᠢᠯᠠᠪᠠ᠃ ᠲᠡᠷᠡ ᠨᠢ ᠲᠠᠷᠤᠢ ︽ᠦᠨᠡᠨ ᠰᠡᠳᠭᠢᠯ ᠢᠶᠠᠷ ᠢᠶᠠᠨ ᠲᠦᠷᠭᠡᠨ ᠬᠦᠷᠭᠡᠯᠲᠡ ᠲᠤᠰᠬᠤ ᠬᠥᠮᠦᠨ ᠪᠣᠯᠭᠠᠨ ᠤ ᠰᠡᠳᠭᠢᠯ ᠢ ᠳᠤᠯᠠᠭᠠᠯᠠᠨ᠎ᠠ︾᠃ ᠪᠦᠬᠦ ᠵᠢᠯ ᠳᠤ ᠠᠮᠠᠷᠠᠬᠤ ᠴᠠᠭ ᠦᠭᠡᠢ᠂ ᠰᠠᠯᠬᠢ ᠪᠣᠷᠣᠭᠠᠨ ᠳᠤ ᠰᠠᠭᠠᠲᠠᠯ ᠦᠭᠡᠢ ᠪᠠᠶᠢᠵᠤ᠂ ᠤᠳᠠᠭ᠎ᠠ ᠳᠠᠷᠠᠭᠠᠯᠠᠨ ᠴᠠᠭ ᠢᠶᠠᠨ ᠲᠤᠬᠢᠷᠠᠭᠤᠯᠵᠤ᠂ ᠨᠠᠰᠤᠲᠠᠶᠢᠴᠤᠳ᠂ ᠵᠡᠮᠳᠡᠭᠴᠦᠳ᠂ ᠭᠠᠳᠠᠭᠰᠢ ᠭᠠᠷᠬᠤ ᠳᠤ ᠳᠥᠭᠦᠮ ᠦᠭᠡᠢ ᠬᠦᠮᠦᠰ ᠲᠤ ᠲᠦᠷᠭᠡᠨ ᠬᠦᠷᠭᠡᠯᠲᠡ ᠶᠢ ᠨᠢ ᠤᠷᠢᠳ ᠢᠶᠠᠷ ᠬᠦᠷᠭᠡᠵᠦ ᠥᠭᠭᠦᠨ᠎ᠡ᠃ ᠲᠡᠷᠡ ᠬᠠᠮᠤᠭ ᠤᠨ ᠭᠤᠶᠤ ᠲᠦᠷᠭᠡᠨ ᠬᠦᠷᠭᠡᠭᠴᠢ ᠶᠢᠨ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠬᠡᠷᠡᠭᠯᠡᠭᠴᠢ ᠨᠢᠭᠡ ᠪᠦᠷᠢ ᠳᠤ ᠦᠨᠡᠨ ᠰᠡᠳᠭᠢᠯ ᠠᠴᠠ ᠪᠠᠨ ᠰᠠᠶᠢᠲᠤᠷ ᠦᠢᠯᠡᠴᠢᠯᠡᠵᠦ᠂ ᠤᠯᠠᠨ ᠤ ᠢᠲᠡᠭᠡᠯ ᠢ ᠮᠠᠰᠢ ᠤᠯᠪᠠ᠃    ︽ᠬᠡᠷᠡᠭᠯᠡᠭᠴᠢᠳ ᠤᠨ ᠤᠳᠠᠭ᠎ᠠ ᠪᠦᠷᠢ ᠶᠢᠨ ᠢᠨᠢᠶᠡᠮᠰᠦᠭᠯᠡᠯ ᠪᠠ ᠲᠠᠯᠠᠷᠬᠠᠯ ᠪᠣᠯ ᠴᠥᠮ ᠮᠢᠨᠦ ᠤᠷᠤᠭᠰᠢᠯᠠᠬᠤ ᠡᠨᠧᠷᠭᠢ ᠮᠥᠨ᠃ ᠪᠢ ᠪᠠᠰᠠ ᠠᠷᠠᠳ ᠲᠦᠮᠡᠨ ᠳᠤ ᠦᠢᠯᠡᠴᠢᠯᠡᠬᠦ ᠶᠠᠪᠤᠴᠠ ᠳᠤᠮᠳᠠ ᠪᠠᠨ ᠵᠢᠩᠬᠢᠨᠢ ᠪᠠᠶᠠᠷ ᠪᠠᠶᠠᠰᠤᠯ ᠪᠠ ᠬᠠᠨᠤᠮᠵᠢ ᠶᠢ ᠮᠡᠳᠡᠷᠡᠪᠡ︾ ᠭᠡᠵᠦ ᠯᠢ ᠰᠢᠶᠣᠤ ᠸᠠᠩ ᠢᠨᠢᠶᠡᠮᠰᠦᠭᠯᠡᠨ ᠬᠡᠯᠡᠪᠡ᠃    ᠴᠠᠭ ᠦᠶ᠎ᠡ ᠬᠥᠭᠵᠢᠵᠦ᠂ ᠠᠵᠢᠯ ᠲᠥᠷᠥᠯ ᠳᠠᠪᠰᠢᠵᠤ ᠪᠠᠶᠢᠨ᠎ᠠ᠃ ᠯᠢ ᠰᠢᠶᠤᠤ ᠸᠠᠩ ᠴᠠᠭ ᠦᠶ᠎ᠡ ᠶᠢ ᠲᠠᠭᠠᠨ ᠤᠷᠤᠭᠰᠢᠯᠠᠬᠤ ᠠᠯᠬᠤᠭ᠎ᠠ ᠪᠠᠨ ᠶᠡᠷᠦ ᠠᠴᠠ ᠵᠤᠭᠰᠤᠭᠰᠠᠨ ᠦᠭᠡᠢ ᠪᠠᠶᠢᠵᠤ᠂ ᠠᠵᠢᠯ ᠤᠨ ᠴᠢᠯᠥᠭᠡ ᠪᠠᠷ ᠢᠶᠠᠨ ᠲᠠᠰᠤᠷᠠᠯᠲᠠ ᠦᠭᠡᠢ ᠰᠤᠷᠤᠯᠴᠠᠵᠤ᠂ ᠨᠣᠮ ᠪᠢᠴᠢᠭ ᠠᠴᠠ ᠰᠤᠷᠤᠭᠰᠠᠨ ᠮᠡᠳᠡᠯᠭᠡ ᠶᠢ ᠠᠵᠢᠯ ᠤᠨ ᠦᠢᠯᠡᠳᠦᠯᠭᠡ ᠳᠡᠭᠡᠨ ᠠᠰᠢᠭᠯᠠᠵᠤ᠂ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠬᠡᠷᠡᠭᠯᠡᠬᠦ ᠳᠤ ᠳᠤᠯᠭᠠᠷᠠᠭᠰᠠᠨ ᠠᠰᠠᠭᠤᠳᠠᠯ ᠢ ᠰᠶᠢᠳᠪᠦᠷᠢᠯᠡᠵᠦ᠂ ᠲᠤᠷᠰᠢᠯᠭ᠎ᠠ ᠪᠠᠨ ᠢᠳᠡᠪᠬᠢᠲᠡᠢ ᠳ᠋ᠦᠩᠨᠡᠨ᠂ ᠬᠠᠶᠢᠨ ᠰᠦᠪᠡᠭᠴᠢᠯᠡᠨ ᠰᠢᠨ᠎ᠡ ᠶᠢ ᠡᠭᠦᠳᠴᠦ᠂ ᠥᠪᠡᠷ ᠤᠨ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠪᠡ᠃ 2019 ᠣᠨ᠂ 2021 ᠣᠨ ᠳᠤ᠂ ᠲᠡᠷᠡ ᠪᠥᠬᠦ ᠤᠯᠤᠰ ᠤᠨ ᠲᠦᠷᠭᠡᠨ ᠬᠦᠷᠭᠡᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠵᠤ᠂ ᠲᠣᠰ ᠲᠣᠰ ᠭᠤᠷᠪᠠᠳᠤᠭᠠᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ ᠭᠥᠷᠳᠡᠪᠡ᠃    2023 ᠣᠨ ᠤ 12 ᠰᠠᠷ᠎ᠠ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠯᠢ ᠰᠢᠶᠤᠤ ᠸᠠᠩ ᠢ ᠡᠷᠢᠵᠦ᠂ ᠲᠦᠷᠭᠡᠨ ᠬᠦᠷᠭᠡᠯᠲᠡ ᠶᠢᠨ ᠲᠤᠰᠬᠠᠶ ᠮᠡᠷᠭᠡᠵᠢᠯ ᠤᠨ ᠬᠠᠮᠢᠶ᠎ᠠ ᠪᠥᠬᠦᠶ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠠᠵᠢᠯ ᠳᠤ ᠣᠷᠣᠯᠴᠠᠬᠤ ᠶᠢ ᠬᠦᠰᠡᠪᠡ᠃    ︽ᠡᠬᠢᠨ ᠳᠡᠭᠡᠨ ᠪᠢ ᠬᠥᠳᠡᠭᠡ ᠲᠣᠰᠬᠤᠨ ᠤ ᠢᠯᠡᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠳᠡᠮᠡᠶ ᠣᠶᠢᠯᠠᠭᠠᠬᠤ ᠥᠬᠡᠶ ᠪᠠᠶᠢᠳᠠᠯ ᠢᠶᠠᠨ ᠪᠣᠳᠣᠯᠬᠢᠯᠠᠵᠤ᠂ ᠡᠷᠡᠭᠡᠯᠵᠡᠵᠦ ᠪᠠᠶᠢᠬᠤ ᠪᠠᠨ ᠢᠯᠡᠳᠭᠡᠪᠡ᠂ ᠰᠤᠷᠭᠠᠭᠤᠯᠢ ᠶᠢᠨ ᠬᠢᠨ ᠨᠠᠮ᠎ᠠ ᠶᠢ ︿ᠤᠷᠢᠳ ᠢᠶᠠᠷ ᠲᠤᠷᠰᠢᠵᠤ ᠦᠵᠡ﹀ ᠭᠡᠵᠦ ᠵᠣᠷᠢᠭᠵᠢᠭᠤᠯᠪᠠ᠂ ᠳᠡᠭᠡᠭᠡᠳ ᠪᠢ ᠶᠡᠭᠡ ᠬᠡᠮᠵᠢᠶᠡᠨ ᠤ ᠮᠠᠲ᠋ᠧᠷᠢᠶᠠᠯ ᠡᠷᠢᠵᠦ ᠴᠤᠭᠯᠠᠭᠤᠯᠤᠭᠠᠳ ᠳᠠᠷᠠᠭ᠎ᠠ ᠨᠢ 3 ᠰᠠᠷ᠎ᠠ ᠢᠯᠡᠭᠦᠦ ᠶᠢᠨ ᠴᠠᠭ ᠵᠠᠷᠤᠴᠠᠭᠤᠯᠵᠤ ᠳᠥᠷᠪᠡᠨ ᠬᠢᠴᠢᠶᠡᠯ ᠤᠨ ᠠᠭᠤᠯᠭ᠎ᠠ ᠶᠢ ᠨᠠᠶᠢᠷᠠᠭᠤᠯᠪᠠ︾᠃    ᠡᠶᠢᠨ ᠬᠦ᠂ ᠯᠢ ᠰᠢᠶᠤᠤ ᠸᠠᠩ ᠰᠤᠷᠭᠠᠭᠤᠯᠢ ᠶᠢᠨ ᠬᠢᠨ ᠲᠠᠢ ᠬᠠᠮᠲᠤᠷᠠᠨ ︽ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠰᠢᠢᠳᠪᠦᠷᠢᠯᠠᠯᠳᠠ︾ ᠭᠡᠬᠦ ᠬᠢᠴᠢᠶᠡᠯ ᠤᠨ ᠪᠢᠴᠢᠭ ᠢ ᠨᠠᠶᠢᠷᠠᠭᠤᠯᠤᠨ ᠪᠢᠴᠢᠭᠰᠡᠨ ᠪᠠ ᠰᠢᠩᠭᠡᠭᠡᠨ ᠦᠢᠯᠡᠳᠴᠦ᠂ ᠬᠥᠳᠡᠭᠡ ᠲᠣᠰᠬᠤᠨ ᠤ ᠢᠯᠡᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠲᠦᠷᠪᠡᠨ ᠬᠢᠴᠢᠶᠡᠯ ᠤᠨ ᠠᠭᠤᠯᠭ᠎ᠠ ᠶᠢ ᠪᠡᠶ᠎ᠡ ᠪᠠᠨ ᠳᠠᠭᠠᠭᠠᠵᠤ ᠪᠡᠶᠡᠯᠡᠭᠦᠯᠪᠡ᠃ ᠲᠡᠷᠡ᠂ ᠦᠪᠡᠷ ᠤᠨ ᠴᠢᠷᠮᠠᠶᠢᠯᠭ᠎ᠠ ᠪᠠ ᠲᠠᠰᠤᠷᠠᠯᠲᠠ ᠥᠬᠡᠶ ᠰᠤᠷᠤᠯᠴᠠᠯᠭ᠎ᠠ ᠪᠠᠷ ᠢᠶᠠᠨ ᠲᠦᠷᠭᠡᠨ ᠬᠦᠷᠭᠡᠯᠳᠡ ᠶᠢᠨ ᠠᠵᠢᠯ ᠲᠥᠷᠥᠯ ᠤᠨ ᠳᠡᠭᠡᠳᠦ ᠬᠤᠷᠳᠤᠴᠠ ᠪᠠᠷ ᠬᠥᠭᠵᠢᠵᠦ ᠪᠠᠶᠢᠭᠰᠠᠨ ᠠᠴᠠ ᠪᠠᠨ ᠴᠢᠨᠠᠷ ᠰᠠᠶᠢᠲᠠᠶ ᠬᠥᠭᠵᠢᠬᠦ ᠳᠡᠶᠢᠰᠢ ᠬᠤᠪᠢᠷᠠᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃    ᠬᠤᠪᠢ ᠬᠦᠮᠦᠨ ᠤ ᠬᠦᠴᠦᠨ ᠴᠢᠳᠠᠯ ᠬᠡᠳᠦᠢ ᠪᠠᠭ᠎ᠠ ᠪᠣᠯᠪᠠᠴᠤ ᠯᠢ ᠰᠢᠶᠣᠣ ᠸᠠᠩ ᠮᠥᠨ ᠯᠡ ᠪᠦᠬᠦ ᠬᠦᠴᠦ ᠪᠠᠷ ᠢᠶᠠᠨ ᠨᠡᠶᠢᠭᠡᠮ ᠳᠤ ᠦᠢᠯᠡᠴᠢᠯᠡᠵᠦ᠂ ᠨᠡᠶᠢᠭᠡᠮ ᠳᠤ ᠠᠴᠢ ᠬᠠᠷᠢᠭᠤᠯᠵᠤ᠂ ᠬᠥᠮᠥᠰ ᠢ ᠪᠢᠰᠢᠷᠡᠭᠦᠯᠦᠨ᠎ᠡ᠃    2021 ᠣᠨ ᠠᠴᠠ ᠡᠬᠢᠯᠡᠨ᠂ ᠲᠡᠷᠡ ᠰᠠᠷ᠎ᠠ ᠪᠦᠷᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠡᠦᠬᠡᠳ ᠤᠨ ᠰᠠᠭᠤᠷᠢ ᠮᠥᠩᠭᠦᠨ ᠤ ᠨᠡᠶᠢᠭᠡᠮᠯᠢᠭ ᠲᠤ ᠵᠣᠭᠤᠰ ᠬᠠᠨᠳᠢᠪᠯᠡᠵᠤ᠂ ᠶᠠᠳᠠᠭᠤ ᠬᠦᠴᠢᠷᠳᠡᠯᠲᠡᠢ ᠠᠭᠤᠯᠠᠷᠬᠠᠭ ᠣᠷᠣᠨ ᠤ ᠬᠡᠦᠬᠡᠳ ᠢ ᠬᠠᠪᠰᠤᠷᠤᠨ ᠲᠡᠳᠭᠦᠪᠡ᠃    2024 ᠣᠨ ᠤ 7 ᠰᠠᠷ᠎ᠠ ᠶᠢᠨ ᠳᠤᠮᠳᠠᠴᠢ ᠪᠠᠷ᠂ ᠠᠵᠢᠯ ᠲᠦᠷᠦᠯ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠤᠯᠲᠠ ᠳᠣᠣᠷ᠎ᠠ᠂ ᠲᠡᠷᠡ ᠺᠣᠮᠫᠠᠨᠢ ᠶᠢᠨ ᠬᠠᠮᠲᠤ ᠠᠵᠢᠯᠯᠠᠭᠴᠢ ᠪᠠᠨ ᠳᠠᠭᠠᠭᠤᠯᠤᠨ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠳᠤ ᠢᠳᠡᠪᠬᠢᠲᠡᠢ ᠤᠷᠤᠯᠴᠠᠵᠤ᠂ ᠪᠣᠯᠪᠠᠰᠤᠨ ᠬᠤᠳᠠ ᠶᠢᠨ ᠡᠭᠦᠳᠦᠨ ᠪᠠᠶᠢᠭᠤᠯᠤᠯᠲᠠ ᠶᠢ ᠲᠡᠮᠵᠢᠵᠤ᠂ ᠲᠦᠷᠭᠡᠨ ᠬᠦᠷᠭᠡᠯᠲᠡ ᠬᠦᠷᠭᠡᠬᠦ ᠶᠢᠨ ᠬᠠᠮᠲᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ᠭᠡᠨᠡᠳᠲᠡ ᠶᠢᠨ ᠪᠠᠶᠢᠳᠠᠯ ᠪᠤᠶᠤ ᠠᠮᠤᠷ ᠲᠦᠪᠰᠢᠨ ᠤ ᠭᠡᠮ ᠰᠤᠭᠤᠭ ᠲᠣᠬᠢᠶᠠᠯᠳᠤᠪᠠᠯ ᠲᠡᠷᠡ ᠳᠠᠷᠤᠢ ᠳᠤᠨᠢ ᠳᠡᠭᠡᠳᠦ ᠱᠠᠲᠤᠨ ᠳᠤ ᠮᠡᠳᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠢ᠃    ᠥᠪᠥᠷ ᠮᠣᠩᠭᠤᠯ ᠤᠨ ᠰᠢᠤᠳᠠᠨ ᠤ ᠠᠵᠢᠯ ᠲᠦᠷᠦᠯ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠥᠪᠥᠷ ᠮᠣᠩᠭᠤᠯ ᠤᠨ ᠰᠢᠤᠳᠠᠨ ᠤ ᠠᠵᠢᠯ ᠲᠦᠷᠦᠯ ᠤᠨ ᠤᠮᠠᠷᠠᠲᠤ ᠶᠢᠨ ᠬᠤᠰᠢᠭᠤᠴᠢ ᠵᠢᠱᠢᠶ᠎ᠡ ᠦᠵᠡᠭᠦᠯᠬᠦ ᠠᠵᠢᠯ ᠤᠨ ᠪᠠᠶᠢᠷᠢ᠂ ᠪᠦᠬᠦ ᠤᠯᠤᠰ ᠤᠨ ᠵᠠᠮ ᠬᠠᠷᠢᠯᠴᠠᠭᠠᠨ ᠤ ᠮᠡᠷᠭᠡᠵᠢᠯ ᠤᠨ ᠴᠢᠳᠠᠪᠤᠷᠢᠲᠠᠨ᠂ ᠪᠦᠬᠦ ᠤᠯᠤᠰ ᠤᠨ ︽5 · 1︾ ᠤ ᠬᠥᠳᠡᠯᠮᠦᠷᠢ ᠶᠢᠨ ᠱᠠᠩᠨᠠᠯ ᠤᠨ ᠮᠧᠳᠠᠯ ᠁ ᠡᠳᠡᠭᠡᠷ ᠤᠯᠠᠨ ᠢᠷᠠᠭᠤ ᠠᠯᠳᠠᠷ ᠪᠣᠯ ᠯᠢ ᠰᠢᠶᠣᠣ ᠸᠠᠩ ᠳᠤ ᠦᠭᠬᠦᠭᠰᠡᠨ ᠨᠤᠲᠠᠯᠠᠯᠲᠠ᠂ ᠮᠥᠨ ᠴᠦ ᠲᠡᠭᠦᠨ ᠳᠤ ᠲᠠᠯᠪᠢᠭᠰᠠᠨ ᠱᠠᠭᠠᠷᠳᠠᠯᠭ᠎ᠠ ᠪᠣᠯᠣᠨ᠎ᠠ᠃    ᠡᠨᠡ ᠵᠢᠯ ᠤᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠯᠢ ᠰᠢᠶᠣᠣ ᠸᠠᠩ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠪᠡ᠃ ᠡᠨᠡ ᠨᠢ ᠲᠡᠭᠦᠨ ᠳᠤ ᠶᠡᠬᠡᠳᠡ ᠵᠣᠷᠢᠭᠵᠢᠭᠤᠯᠤᠯ ᠪᠤᠯᠵᠦ᠂ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠠᠰᠫᠢᠷᠠᠨᠲ ᠢᠶᠠᠷ ᠰᠤᠷᠤᠯᠴᠠᠨ᠎ᠠ ᠭᠡᠵᠦ ᠳᠠᠷᠠᠭᠠᠴᠢ ᠶᠢᠨ ᠬᠠᠷᠠᠯᠲᠠ ᠪᠠᠨ ᠬᠡᠯᠡᠵᠦ ᠪᠠᠶᠢᠪᠠ᠃ ︽ᠬᠡᠷᠪᠡ ᠬᠥᠮᠥᠨ ᠨᠢᠭᠡᠪᠦᠷᠢ ᠴᠥᠮ ᠨᠢᠭᠡᠨ ᠬᠤᠪᠢ ᠬᠦᠴᠦᠨ ᠵᠢᠳᠭᠦᠯ ᠭᠠᠷᠭᠠᠪᠠᠯ᠂ ᠲᠡᠷᠡ ᠨᠢ ᠨᠡᠶᠢᠯᠡᠭᠡᠳ ᠬᠦᠴᠦᠷᠬᠡᠭ ᠶᠡᠭᠡ ᠬᠦᠴᠦᠨ ᠴᠢᠳᠠᠯ ᠪᠣᠯᠵᠤ ᠴᠢᠳᠠᠨ᠎ᠠ᠃ ᠬᠡᠷᠪᠡ ᠬᠥᠮᠥᠨ ᠨᠢᠭᠡᠪᠦᠷᠢ ᠴᠥᠮ ᠥᠪᠡᠷ ᠤᠨ ᠠᠵᠢᠯ ᠤᠨ ᠪᠠᠶᠢᠷᠢ ᠪᠠᠨ ᠪᠠᠲᠦ ᠰᠠᠬᠢᠵᠦ ᠴᠢᠳᠠᠪᠠᠯ᠂ ᠮᠠᠨ ᠤ ᠨᠡᠶᠢᠭᠡᠮ ᠴᠦ ᠶᠠᠪᠤᠬᠤ ᠲᠤᠲᠤᠮ ᠰᠠᠶᠢᠵᠢᠷᠠᠬᠤ ᠪᠣᠯᠣᠨ᠎ᠠ︾ ᠭᠡᠵᠦ ᠯᠢ ᠰᠢᠶᠣᠣ ᠸᠠᠩ ᠬᠡᠯᠡᠪᠡ᠃            
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ