ᠯᠢ ᠴᠢᠶᠠᠩ ᠼᠠᠢ ᠴᠢ ᠬᠤᠷᠠᠯ ᠳᠤ ᠣᠷᠣᠯᠴᠠᠪᠠ | ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 30 ᠤ ᠴᠠᠬᠢᠯᠭᠠᠨ ᠮᠡᠳᠡᠭᠡ | ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠤᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠤᠨ᠎ᠠ ᠱᠠᠩᠬᠠᠢ ᠳᠤ ᠭᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠥᠭᠡᠳ | ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ ᠵᠢᠯ ᠪᠣᠯ ︽ᠠᠷᠪᠡᠨ ᠳᠥᠷᠪᠡᠳᠦᠭᠡᠷ ᠲᠠᠪᠤᠨ ᠵᠢᠯ︾ ᠤᠨ ᠲᠦᠯᠤᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ | ᠲᠦᠯᠤᠪᠵᠢᠭᠦᠯᠭᠡ ᠶᠢᠨ ᠬᠠᠷᠠᠯᠲᠠ ᠡᠭᠦᠷᠭᠡ ᠶᠢ ᠱᠠᠯᠠᠪᠳᠡᠨ ᠨᠡᠶᠢᠲᠡᠪᠤᠷᠢᠵᠢᠭᠤᠯᠬᠤ ᠶᠢᠨ ᠬᠠᠮᠲᠤ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ ᠪᠠᠶᠢᠯᠳᠤᠬᠤ | ᠪᠤᠳᠤᠯᠭ᠎ᠠ ᠶᠢᠨ ᠭᠤᠣᠯᠳᠠᠯᠭ᠎ᠠ ᠶᠢ ᠡᠵᠡᠮᠳᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ | ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠤᠬᠠᠭᠠᠯᠠᠨ ᠲᠦᠯᠥᠪᠯᠡᠬᠦ ᠬᠡᠷᠡᠭᠳᠡᠢ ᠭᠡᠵᠦ ᠴᠢᠬᠤᠯᠠᠴᠢᠯᠡᠪᠠ᠃ | | | | 4 ᠰᠠᠷ᠎ᠠ ᠶᠢᠨ 30 ᠤ ᠦᠳᠡ ᠶᠢᠨ ᠡᠮᠤᠨ᠎ᠡ᠂ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠤᠩᠬᠡᠢ ᠰᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠬᠠᠢ ᠳᠤ ᠬᠡᠰᠡᠭ ᠮᠤᠵᠢ ᠤᠷᠣᠨ ᠬᠤᠳᠠ ᠶᠢᠨ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠠ ᠶᠢ ᠶᠠᠷᠢᠯᠴᠠᠬᠤ ᠬᠤᠷᠠᠯ ᠢ ᠡᠷᠬᠢᠯᠡᠨ | ᠬᠤᠷᠠᠯᠳᠤᠭᠤᠯᠤᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃ | ᠰᠢᠠᠬᠤᠸᠠ ᠬᠤᠷᠢᠶ᠎ᠠ ᠶᠢᠨ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ | ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠤ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠶᠠᠷᠢᠯᠴᠠᠬᠤ ᠬᠤᠷᠠᠯ ᠳᠤ ᠤᠷᠤᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠥᠪᠣᠷ ᠮᠣᠩᠭᠤᠯ ᠤᠨ ᠥᠪᠡᠷᠳᠡᠭᠡᠨ ᠵᠠᠰᠠᠬᠤ ᠤᠷᠣᠨ ᠤ ᠨᠠᠮ ᠤᠨ ᠬᠤᠷᠢᠶ᠎ᠠ ᠶᠢᠨ ᠰᠦᠵᠢ ᠰᠦᠨ ᠱᠤᠤ ᠴᠧᠩ᠂ ᠱᠠᠩᠬᠠᠢ | ᠬᠤᠳᠠ ᠶᠢᠨ ᠨᠠᠮ ᠤᠨ ᠬᠤᠷᠢᠶ᠎ᠠ ᠶᠢᠨ ᠰᠦᠵᠢ ᠴᠧᠨ ᠵᠢᠶ ᠨᠢᠩ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠬᠤᠤ᠂ ᠬᠤᠪᠧᠢ ᠮᠤᠵᠢ ᠶᠢᠨ | ᠨᠠᠮ ᠤᠨ ᠬᠤᠷᠢᠶ᠎ᠠ ᠶᠢᠨ ᠰᠦᠵᠢ ᠸᠠᠩ ᠵᠦᠩ ᠯᠢᠨ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤᠸᠠᠩ ᠺᠦᠨ ᠮᠢᠩ᠂ ᠰᠧᠴᠤᠸᠠᠨ ᠮᠤᠵᠢ ᠶᠢᠨ | ᠨᠠᠮ ᠤᠨ ᠬᠤᠷᠢᠶ᠎ᠠ ᠶᠢᠨ ᠰᠦᠵᠢ ᠸᠠᠩ ᠰᠢᠶᠣᠣ ᠬᠤᠢ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤ᠋ ᠴᠠᠩ ᠱᠧᠩ ᠤᠷᠢᠳ ᠬᠤᠵᠢᠳ ᠦᠭᠡ ᠬᠡᠯᠡᠵᠤ᠂ | ᠠᠵᠢᠯ ᠤᠨ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠠᠷᠪᠠᠨ ᠲᠠᠪᠤᠳᠤᠭᠠᠷ ᠲᠠᠪᠤᠨ ᠵᠢᠯ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | ᠤᠯᠠᠨ ᠤ ᠬᠡᠯᠡᠬᠦ ᠶᠢ ᠰᠤᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠲᠠᠪᠤᠨ ᠵᠢᠯ ᠤᠨ ᠲᠦᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠬᠤ ᠪᠠ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠬᠢᠯᠡᠬᠦ ᠨᠢᠭᠡᠨ ᠴᠢᠬᠤᠯᠠ ᠲᠤᠷᠰᠢᠯᠭ᠎ᠠ | ᠪᠣᠯᠬᠤ ᠪᠥᠭᠡᠳ ᠲᠤᠮᠳᠠᠲᠤ ᠣᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠨᠢᠭᠡᠨ ᠴᠢᠬᠤᠯᠠ ᠤᠯᠤᠰ ᠲᠥᠷᠥ ᠶᠢᠨ ᠳᠠᠪᠠᠭᠤᠯᠢᠭ ᠪᠣᠯᠣᠨ᠎ᠠ᠃ ︽ᠠᠷᠪᠡᠨ | ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠣᠬᠠᠭᠠᠯᠠᠨ ᠲᠦᠯᠥᠪᠯᠡᠬᠦ ᠳᠤ ᠡᠷᠭᠡᠪᠰᠢ | ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠱᠠᠲᠤ ᠦᠶᠡᠴᠢ ᠴᠢᠨᠠᠷᠲᠠᠢ ᠱᠠᠭᠠᠷᠳᠠᠯᠭ᠎ᠠ ᠶᠢ ᠤᠨᠤᠪᠴᠢᠲᠠᠢ ᠡᠵᠡᠮᠲᠠᠵᠤ᠂ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠤᠲᠠᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠠᠩᠬᠠᠷᠤᠯ ᠢᠶᠠᠨ ᠲᠦᠪᠯᠡᠷᠡᠭᠦᠯᠵᠤ᠂ | ᠨᠡᠶᠢᠭᠡᠮ ᠵᠢᠷᠣᠮᠲᠤ ᠤᠳᠣᠬᠢᠴᠢᠯᠡᠯᠲᠠ ᠶᠢᠨ ᠬᠠᠷᠠᠯᠲᠠ ᠶᠢ ᠦᠨᠳᠦᠰᠤᠨ ᠳᠡᠭᠡᠨ ᠪᠠᠶᠠᠯᠡᠭᠦᠯᠭᠦ ᠲᠠᠢ ᠨᠢᠭᠲᠠ ᠤᠶᠠᠯᠳᠤᠭᠤᠯᠤᠨ᠂ ᠬᠦᠷᠢᠶ᠎ᠡ ᠴᠠᠷᠠᠭ᠎ᠠ ᠲᠠᠷᠠᠭᠠᠯᠠᠨ ᠬᠠᠷᠠᠯᠲᠠ | ᠡᠭᠦᠷᠭᠡ ᠶᠢ ᠵᠦᠢ ᠵᠣᠬᠢᠰᠲᠡᠢ ᠲᠣᠭᠳᠠᠭᠠᠵᠤ᠂ ᠰᠠᠳᠬᠢᠮᠵᠢ ᠠᠷᠭ᠎ᠠ ᠬᠡᠮᠵᠢᠶ᠎ᠡ ᠳᠤᠷᠠᠳᠬᠤ ᠬᠡᠷᠡᠭᠳᠡᠢ᠃ ᠡᠯ᠎ᠡ ᠲᠠᠯ᠎ᠡ ᠶᠢᠨ ᠬᠠᠷᠠᠯᠲᠠ ᠡᠭᠦᠷᠭᠡ ᠶᠢ ᠬᠦᠨᠵᠡᠭᠡᠢ ᠵᠠᠳᠠᠯᠤᠨ | ᠨᠤᠳᠠᠯᠠᠵᠤ᠂ ᠰᠢᠨᠵᠢᠯᠡᠬᠦ ᠤᠬᠠᠭᠠᠨᠴᠢ ᠣᠨᠣᠪᠴᠢᠲᠠᠢ ᠪᠠᠶᠢᠯᠭᠠᠨ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠤ ᠲᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ᠃ | ᠨᠢᠭᠡᠲᠤᠯᠲᠡᠢ ᠲᠦᠯᠤᠪᠵᠢᠭᠦᠯᠣᠨ ᠤᠬᠠᠭᠠᠯᠠᠨ ᠲᠦᠯᠤᠪᠯᠡᠵᠤ᠂ ᠵᠠᠩᠬᠢᠯᠠᠭ᠎ᠠ ᠶᠢᠨ ᠴᠢᠨᠠᠷᠲᠠᠢ᠂ ᠰᠢᠢᠳᠪᠦᠷᠢᠯᠡᠭᠴᠢ ᠴᠢᠨᠠᠷᠲᠠᠢ ᠬᠦᠴᠦᠨ ᠵᠦᠢᠯ ᠢ ᠠᠳᠬᠤᠵᠤ᠂ ᠡᠷᠴᠢᠮ | ᠪᠣᠯᠣᠨ ᠠᠬᠢᠴᠡ ᠶᠢ ᠰᠠᠶᠢᠳᠤᠷ ᠡᠵᠡᠮᠳᠠᠵᠤ᠂ ᠳᠠᠪᠠᠭᠤᠯᠢᠭ ᠢᠶᠠᠨ ᠪᠠᠬᠢᠵᠢᠭᠦᠯᠦᠨ ᠦᠷᠭᠡᠳᠭᠡᠬᠦ᠂ ᠪᠤᠭᠤᠮᠢ ᠲᠦᠭᠵᠢᠷᠡᠯ ᠢ ᠰᠢᠪᠳᠤᠯᠬᠤ᠂ ᠳᠤᠳᠠᠭᠤᠳᠠᠯ ᠪᠠᠭᠤᠷᠠᠢ | ᠲᠠᠯ᠎ᠠ ᠪᠠᠨ ᠨᠦᠭᠦᠪᠦᠷᠢᠯᠡᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠭᠦ ᠶᠢ ᠴᠢᠬᠤᠯᠡᠴᠢᠯᠡᠵᠤ᠂ ᠪᠦᠬᠦᠯᠢ ᠴᠤᠭᠴᠠ ᠶᠢᠨ ᠬᠠᠷᠠᠯᠲᠠ ᠶᠢᠨ ᠴᠢᠭᠯᠡᠯ ᠲᠠᠢ | ᠨᠢᠭᠡᠲᠤᠯᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠡᠪᠠ᠃ | ᠰᠢ ᠶᠢᠨ ᠫᠢᠩ᠂ ︽ᠠᠷᠪᠠᠨ ᠳᠠᠪᠤᠳᠤᠭᠠᠷ ᠲᠠᠪᠤᠨ ᠵᠢᠯ︾ ᠤᠨ ᠲᠦᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠳ ᠬᠥᠭᠵᠢᠯᠲᠡ ᠶᠢ | ᠲᠦᠯᠤᠪᠵᠢᠭᠦᠯᠬᠦ ᠳᠤ᠂ ᠳᠡᠯᠡᠭᠡᠢ ᠶᠢᠨ ᠪᠠᠶᠢᠳᠠᠯ ᠤᠨ ᠬᠥᠭᠵᠢᠯᠲᠠ ᠬᠤᠪᠢᠷᠡᠯᠲᠠ ᠠᠴᠠ ᠮᠠᠨ ᠤ ᠤᠯᠤᠰ ᠲᠤ ᠦᠵᠡᠭᠦᠯᠭᠦ ᠨᠦᠯᠥᠭᠡ ᠶᠢ ᠪᠠᠷᠡᠯᠡᠯᠲᠤ ᠴᠢᠨᠡᠷᠲᠠᠢ ᠪᠠᠷ | ᠡᠵᠡᠮᠳᠠᠵᠤ᠂ ᠬᠠᠨᠲᠤᠰᠢ ᠶᠢ ᠦᠨᠳᠤᠰᠤᠯᠠᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠠᠰᠢᠭᠲᠠᠢ ᠲᠠᠶᠢᠰᠢ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ᠃ | ᠥᠪᠡᠷ ᠤᠨ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠵᠦ᠂ ᠦᠨᠳᠤᠷ ᠲᠦᠪᠰᠢᠨ ᠪᠦᠭᠦᠢ ᠭᠠᠲᠠᠭᠠᠲᠤ ᠨᠡᠭᠡᠭᠡᠯᠲᠡ ᠶᠢ ᠭᠤᠶᠢᠪᠢᠰᠢ ᠦᠭᠡᠢ ᠥᠷᠭᠡᠳᠬᠡᠵᠦ᠂ | ᠣᠯᠠᠨ ᠠᠷᠭ᠎ᠠ ᠬᠡᠮᠵᠢᠶ᠎ᠠ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠳᠠᠪᠤᠷᠢᠵᠢᠭᠤᠯᠵᠤ᠂ ᠠᠵᠤ ᠠᠬᠤᠶᠢᠯᠠᠯ ᠢ ᠲᠣᠭᠳᠠᠪᠤᠷᠢᠵᠢᠭᠤᠯᠵᠤ᠂ ᠵᠠᠬ᠎ᠠ ᠲᠡᠯᠭᠡᠭᠦᠷ ᠢ | ᠲᠣᠭᠳᠠᠪᠤᠷᠢᠵᠢᠭᠤᠯᠵᠤ᠂ ᠵᠢᠱᠢᠯᠲᠠ ᠶᠢ ᠲᠣᠭᠳᠠᠪᠤᠷᠢᠵᠢᠭᠤᠯᠵᠤ᠂ ᠠᠵᠤ ᠠᠬᠤᠢ ᠶᠢᠨ ᠦᠨᠳᠤᠰᠤᠨ ᠪᠠᠶᠢᠳᠠᠯ ᠢ ᠪᠦᠲᠦᠮᠵᠢᠲᠠᠢ ᠲᠣᠭᠳᠠᠪᠤᠷᠢᠵᠢᠭᠤᠯᠵᠤ᠂ ᠰᠢᠨ᠎ᠡ | ᠬᠥᠭᠵᠢᠯᠲᠠ ᠶᠢᠨ ᠪᠠᠶᠢᠷᠢᠰᠢᠯ ᠢ ᠲᠦᠷᠭᠡᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠦᠭᠵᠢᠯᠲᠡ ᠪᠠ ᠠᠮᠤᠷ | ᠲᠥᠪᠰᠢᠨ ᠢ ᠨᠢᠭᠡᠲᠤᠯᠲᠠᠢ ᠲᠦᠯᠥᠪᠵᠢᠭᠦᠯᠬᠦ ᠶᠢ ᠨᠡᠩ ᠴᠢᠬᠤᠯᠠᠴᠢᠯᠠᠵᠤ᠂ ᠲᠤᠳᠤᠭᠠᠲᠤ ᠭᠠᠲᠠᠭᠠᠲᠤ ᠶᠢᠨ ᠠᠶᠤᠯ ᠲᠦᠭᠰᠢᠭᠦᠷᠢ ᠦᠷᠢᠰᠦᠯᠳᠦᠭᠡᠨ ᠢ ᠪᠦᠬᠦ ᠲᠠᠯ᠎ᠠ ᠪᠠᠷ | ᠪᠤᠳᠦᠯᠭᠢᠯᠡᠵᠦ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠂ ᠠᠮᠤᠷ ᠲᠦᠪᠰᠢᠨ ᠢ ᠬᠠᠮᠠᠭᠠᠯᠠᠬᠤ ᠴᠢᠳᠡᠪᠤᠷᠢ ᠶᠢ ᠴᠢᠩᠭᠠᠳᠬᠠᠵᠤ᠂ ᠦᠨᠳᠣᠷ | ᠪᠦᠳᠦᠮᠵᠢᠲᠡᠢ ᠵᠠᠰᠠᠯᠲᠡ ᠪᠠᠷ ᠴᠢᠨᠠᠷ ᠰᠠᠶᠢᠲᠠᠢ ᠬᠦᠭᠵᠢᠯᠲᠡ ᠪᠠ ᠦᠨᠳᠦᠷ ᠲᠦᠪᠰᠢᠨ ᠪᠦᠬᠦᠶ ᠠᠮᠤᠷ ᠲᠦᠪᠰᠢᠨ ᠤ ᠰᠠᠶᠢᠨ ᠬᠤᠷᠰᠢᠯᠴᠠᠯ ᠢ ᠠᠬᠢᠭᠤᠯᠵᠤ᠂ ᠰᠢᠨ᠎ᠡ | ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠦᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠳᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ︽ᠠᠷᠪᠠᠨ ᠳᠠᠪᠤᠳᠤᠭᠠᠷ ᠲᠠᠪᠤᠨ ᠵᠢᠯ︾ ᠤᠨ ᠲᠦᠯᠥᠪᠵᠢᠭᠦᠯᠭᠡ ᠶᠢᠨ ᠬᠤᠭᠤᠴᠠᠭᠠᠨ ᠳᠤ᠂ ᠡᠷᠬᠡᠪᠰᠢ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠴᠢᠨᠠᠷ ᠤᠨ ᠣᠢᠯᠡᠳᠪᠤᠷᠢᠯᠡᠯ ᠤᠨ ᠬᠦᠴᠤᠨ ᠢ ᠬᠦᠭᠵᠢᠭᠦᠯᠬᠦ ᠶᠢ ᠨᠡᠩ ᠳᠣᠪᠤᠶᠢᠮ᠎ᠡ ᠪᠠᠶᠢᠯᠳᠤᠬᠤ ᠪᠣᠳᠤᠯᠭ᠎ᠠ ᠶᠢᠨ ᠪᠠᠶᠢᠷᠢᠨ ᠳᠤ ᠲᠠᠯᠪᠢᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠤᠭᠤᠳᠤᠮᠵᠢ ᠪᠣᠯᠭᠠᠵᠤ᠂ ᠪᠤᠳᠠᠲᠤ ᠴᠤᠭᠴᠠ ᠶᠢᠨ ᠠᠵᠤ ᠠᠬᠤᠢ ᠪᠠᠷ ᠰᠠᠭᠤᠷᠢ ᠪᠣᠯᠭᠠᠵᠤ᠂ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠠᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ᠂ ᠰᠢᠨ᠎ᠡ ᠪᠠᠷ ᠮᠠᠨᠳᠤᠭᠰᠡᠨ ᠠᠵᠤ ᠦᠢᠯᠡᠰ ᠢ | ᠢᠳᠡᠪᠬᠢᠲᠡᠢ ᠬᠦᠭᠵᠢᠭᠦᠯᠭᠦ᠂ ᠢᠷᠡᠭᠡᠳᠦᠢ ᠶᠢᠨ ᠠᠵᠤ ᠦᠶᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠣᠶᠢᠯᠡᠰ ᠤᠨ | ᠰᠢᠰᠲ᠋ᠧᠮ ᠢ ᠲᠦᠷᠭᠡᠭᠡᠨ ᠪᠠᠶᠢᠭᠤᠯᠬᠤ ᠬᠡᠷᠡᠭᠳᠡᠢ᠃ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠲᠦᠷᠤᠯ ᠤᠨ ᠰᠢᠨ᠎ᠡ ᠶᠢ ᠡᠭᠦᠳᠬᠦ | ᠭᠤᠣᠯ ᠴᠣᠭᠴᠠ ᠶᠢᠨ ᠠᠮᠢᠵᠢᠷᠡᠯ ᠤᠨ ᠬᠦᠴᠦᠨ ᠢ ᠬᠥᠭᠵᠢᠭᠡᠵᠦ᠂ ᠳᠡᠯᠡᠭᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠠᠩᠬᠠᠷᠤᠯ ᠢᠶᠠᠨ | ᠬᠠᠨᠳᠤᠭᠤᠯᠵᠤ᠂ ᠰᠠᠭᠤᠷᠢ ᠰᠤᠳᠤᠯᠭᠠᠨ ᠢ ᠴᠢᠩᠭᠠᠳᠬᠠᠬᠤ᠂ ᠤᠤᠭᠠᠯ ᠡᠭᠦᠳᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠦᠷᠭᠦᠯᠵᠢᠯᠡᠨ ᠬᠦᠴᠦᠯᠡᠵᠤ᠂ | ᠵᠠᠩᠬᠢᠯᠠᠭ᠎ᠠ ᠶᠢᠨ ᠭᠤᠣᠯᠯᠠᠬᠤ ᠮᠡᠷᠭᠡᠵᠢᠯ᠂ ᠬᠤᠰᠢᠭᠤᠷᠠᠯ ᠮᠡᠷᠭᠡᠵᠢᠯ ᠢ ᠰᠢᠢᠳᠪᠦᠷᠢᠯᠡᠬᠦ ᠲᠠᠯ᠎ᠠ ᠪᠠᠷ ᠱᠠᠯᠠᠪᠳᠠᠨ ᠪᠣᠭᠤᠮᠲᠠ ᠰᠢᠪᠲᠦᠯᠬᠤ ᠬᠡᠷᠡᠭᠲᠡᠢ᠃ ᠰᠤᠷᠭᠠᠨ | ᠬᠦᠮᠤᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠨᠢᠭᠡᠳᠦᠯᠲᠡᠢ ᠲᠦᠯᠥᠪᠵᠢᠭᠦᠯᠣᠨ ᠠᠬᠢᠭᠤᠯᠵᠤ᠂ | ᠰᠢᠨ᠎ᠡ ᠴᠢᠨᠠᠷ ᠤᠨ ᠦᠢᠯᠡᠳᠪᠤᠷᠢᠯᠡᠯ ᠤᠨ ᠬᠦᠴᠦᠨ ᠤ ᠬᠥᠭᠵᠢᠯᠲᠡ ᠶᠢᠨ ᠰᠠᠭᠤᠷᠢ ᠴᠢᠨᠡᠷᠲᠡᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠪᠠᠲᠤ | ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠡᠪᠠ᠃ | ᠰᠢ ᠶᠢᠨ ᠫᠢᠩ᠂ ᠳᠤᠮᠳᠠᠲᠤ ᠣᠯᠤᠰ ᠤᠨ ᠮᠠᠶ᠋ᠢᠭ ᠤᠨ ᠤᠳᠣᠬᠢᠴᠢᠯᠠᠯᠲᠠ ᠪᠣᠯ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠨᠡᠶᠢᠭᠡᠮ ᠵᠢᠷᠤᠮᠲᠤ | ᠤᠳᠤᠬᠢᠴᠢᠯᠠᠯᠲᠠ ᠮᠥᠨ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠲᠡ ᠶᠢ | ᠲᠦᠯᠥᠪᠵᠢᠭᠦᠯᠬᠦ ᠳᠤ ᠤᠭ ᠰᠠᠨᠠᠭ᠎ᠠ ᠪᠠᠨ ᠦᠯᠤ ᠮᠠᠷᠲᠠᠨ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠦᠨᠳᠦᠰᠤᠨ ᠦᠷᠳᠡᠭ ᠤᠳ ᠬᠠᠨᠳᠦᠰᠢ ᠪᠣᠯᠭᠠᠵᠤ᠂ | ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠨ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠠᠬᠢᠭᠤᠯᠬᠤ ᠬᠡᠷᠡᠭᠲᠡᠢ᠃ | ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠣᠷᠣᠨ ᠪᠦᠰᠡ ᠶᠢᠨ ᠵᠣᠬᠢᠴᠠᠩᠭᠤᠢ ᠬᠦᠭᠵᠢᠯᠲᠠ ᠶᠢ ᠠᠬᠢᠭᠤᠯᠬᠤ ᠪᠠ ᠶᠠᠳᠠᠭᠤ ᠠᠴᠠ | ᠠᠩᠬᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠦᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠤᠨ | ᠮᠠᠨᠳᠤᠭᠤᠯᠬᠤ ᠪᠠ ᠬᠤᠲᠠ ᠬᠦᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ᠂ ᠬᠦᠳᠡᠭᠡ ᠠᠵᠤ ᠠᠬᠤᠢ ᠬᠦᠳᠡᠭᠡ ᠲᠣᠰᠬᠤᠨ ᠤ ᠤᠲᠣᠬᠢᠴᠢᠯᠡᠯᠲᠠ ᠶᠢ | ᠲᠦᠷᠭᠡᠳᠬᠡᠬᠦ ᠵᠡᠷᠭᠡ ᠲᠠᠯ᠎ᠠ ᠶᠢᠨ ᠪᠦᠲᠣᠮᠵᠢᠲᠡᠢ ᠠᠷᠭ᠎ᠠ ᠬᠡᠮᠵᠢᠶ᠎ᠡ ᠶᠢ ᠬᠦᠨᠵᠡᠭᠡᠢ ᠰᠤᠳᠤᠯᠵᠤ᠂ ᠬᠤᠳᠠ ᠬᠦᠳᠡᠭᠡ ᠶᠢᠨ ᠤᠯᠠᠨ ᠲᠦᠮᠡᠨ ᠤ ᠤᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ᠃ ᠨᠢᠭᠡ ᠪᠦᠯᠦᠭ ᠲᠠᠩᠴᠡᠭᠦᠷᠢᠳᠤ ᠴᠢᠨᠠᠷ ᠪᠣᠯᠣᠮᠵᠢᠳᠤ ᠴᠢᠨᠠᠷ ᠢᠶᠠᠷ ᠴᠢᠩᠭ᠎ᠠ ᠠᠷᠠᠳ ᠤᠨ ᠠᠮᠢᠳᠤᠷᠠᠯ ᠤᠨ ᠲᠦᠷᠤ ᠶᠢᠨ | ᠪᠣᠳᠣᠯᠭ᠎ᠠ ᠠᠷᠭ᠎ᠠ ᠬᠡᠮᠵᠢᠶ᠎ᠠ ᠶᠢ ᠰᠤᠳᠤᠯᠤᠨ ᠲᠣᠭᠲᠠᠭᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠣᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠬᠦᠴᠦᠯᠠᠨ | ᠰᠢᠢᠳᠪᠦᠷᠢᠯᠡᠬᠦ ᠬᠡᠷᠡᠭᠲᠡᠢ᠃ ᠣᠯᠠᠨ ᠲᠦᠮᠡᠨ ᠳᠤ ᠬᠤᠯᠪᠣᠭᠳᠠᠬᠤ ᠣᠴᠢᠷ ᠶᠠᠪᠤᠳᠠᠯ ᠤᠨ ᠵᠠᠩᠬᠢᠯᠠᠭ᠎ᠠ ᠨᠢ ᠦᠨᠡᠨ ᠪᠣᠳᠠᠲᠠᠢ ᠬᠢᠬᠦ ᠳᠤ ᠪᠠᠶᠢᠵᠤ᠂ ᠡᠯ᠎ᠡ ᠵᠦᠢᠯ ᠤᠨ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠦᠨᠡᠨ ᠪᠤᠳᠠᠲᠠᠢ᠂ ᠪᠤᠳᠠᠲᠤ ᠦᠷ᠎ᠡ ᠪᠦᠲᠦᠮᠵᠢ ᠲᠠᠢ ᠪᠠᠶᠢᠵᠤ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ | ᠬᠢᠷᠢ ᠪᠠᠷ ᠬᠢᠬᠦ ᠶᠢ ᠪᠠᠷᠢᠮᠲᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠡᠯ᠎ᠡ ᠭᠠᠵᠠᠷ ᠣᠷᠣᠨ ︽ᠠᠷᠪᠠᠨ ᠳᠠᠪᠤᠳᠤᠭᠠᠷ ᠲᠠᠪᠤᠨ ᠵᠢᠯ ᠤᠨ ᠲᠦᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢ ᠲᠦᠯᠥᠪᠵᠢᠭᠦᠯᠬᠦ ᠳᠡᠭᠡᠨ ᠪᠦᠬᠦ ᠤᠯᠤᠰ ᠤᠨ ᠶᠡᠭᠡ ᠲᠠᠯ᠎ᠠ ᠳᠤ ᠤᠨᠣᠪᠴᠢᠲᠠᠢ ᠪᠠᠶᠢᠷᠢ ᠲᠣᠭᠲᠠᠭᠠᠯᠲᠠ ᠬᠢᠵᠤ᠂ ᠲᠦᠯᠤᠪᠵᠢᠭᠦᠯᠭᠡ ᠶᠢ | ᠵᠤᠯᠭᠠᠭᠤᠯᠬᠤ ᠶᠢ ᠴᠢᠩᠭᠠᠳᠬᠠᠬᠤ ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠳᠠᠯᠠᠵᠤ᠂ ᠬᠦᠭᠵᠢᠯᠲᠠ ᠶᠢᠨ ᠰᠡᠳᠬᠢᠮᠵᠢ ᠪᠠ ᠪᠠᠶᠢᠯᠳᠤᠬᠤ ᠪᠣᠳᠤᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠬᠤ ᠳᠠᠭᠠᠨ ᠲᠣᠰ ᠪᠡᠶ᠎ᠡ ᠶᠢᠨ ᠣᠨᠴᠠᠯᠢᠭ ᠢᠶᠠᠨ ᠢᠯᠡᠷᠡᠭᠦᠯᠬᠦ ᠶᠢ ᠴᠢᠬᠤᠯᠠᠴᠢᠯᠡᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠾᠧ ᠯᠢ ᠹᠧᠩ᠂ ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠤ ᠶᠢᠨ ᠪᠠᠶᠢᠭᠤᠯᠭ᠎ᠠ ᠶᠢᠨ ᠬᠤᠯᠪᠣᠭᠳᠠᠯ ᠪᠦᠭᠦᠢ ᠰᠠᠯᠠᠭ᠎ᠠ | ᠮᠥᠴᠢᠷ᠂ ᠬᠤᠯᠪᠣᠭᠳᠠᠯ ᠪᠦᠬᠦᠢ ᠮᠤᠵᠢ ᠤᠷᠣᠨ ᠬᠤᠳᠠ ᠶᠢᠨ ᠬᠠᠷᠢᠭᠤᠴᠠᠯᠭᠠᠲᠠᠨ ᠨᠦᠭᠦᠳ ᠶᠠᠷᠢᠯᠴᠠᠬᠤ ᠬᠤᠷᠠᠯ ᠳᠤ ᠣᠷᠤᠯᠴᠠᠪᠠ᠃ | | | | | | | |