ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 3 ᠤ ᠴᠠᠭᠢᠯᠭᠠᠨ ᠮᠡᠳᠡᠭᠡ ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ | ᠲᠠᠰᠢᠷᠠᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠢᠨᠵᠢᠶᠠᠩ ᠤᠨ ᠺᠢᠽᠢᠯᠰᠦ᠋ ᠶᠢᠨ ᠭᠢᠷᠭᠢᠰ ᠤᠨ ᠥᠪᠡᠷᠲᠡᠭᠡᠨ ᠵᠠᠰᠠᠬᠤ ᠵᠧᠦ ᠶᠢᠨ ᠠᠲ᠋ᠦ᠋ᠱ ᠬᠤᠳᠠ ᠶᠢᠨ | ᠺᠠᠷᠠ ᠵᠢᠶᠦ᠋ᠨ ᠰᠢᠶᠠᠩ ᠤᠨ ᠰᠢᠶ᠋᠊ᠸᠶᠢᠲ᠋ᠧ ᠪᠠᠭ᠎ᠠ ᠰᠤᠷᠭᠠᠭᠤᠯᠢ ᠶᠢᠨ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠬᠦ ᠪᠠᠷᠠᠭᠤᠨ ᠣᠷᠣᠨ ᠤ | ᠲᠥᠯᠥᠪᠯᠡᠭᠡ ᠶᠢᠨ ᠰᠠᠶᠢᠨ ᠲᠤᠷᠠᠴᠤᠳ ᠤᠨ ᠦᠢᠯᠡᠴᠢᠯᠡᠭᠡᠨ ᠤ ᠠᠩᠭᠢ ᠶᠢᠨ ᠪᠦᠭᠦ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ᠂ ᠪᠦᠭᠦ ᠤᠯᠤᠰ ᠤᠨ ᠥᠷᠭᠡᠨ ᠣᠯᠠᠨ | ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠬᠦ ᠶᠢᠨ ᠬᠠᠮᠲᠤ ᠨᠠᠨᠳᠢᠨ ᠬᠦᠰᠡᠯ ᠳᠤᠷᠠᠳᠴᠠᠢ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠨᠠᠮ ᠤᠨ ᠤᠷᠢᠶᠠᠯᠠᠭ᠎ᠠ ᠶᠢ ᠳᠠᠭᠠᠵᠤ ᠪᠠᠷᠠᠭᠤᠨᠳᠡᠬᠢ ᠬᠢᠯᠢ ᠬᠢᠵᠠᠭᠠᠷ ᠣᠷᠣᠨ ᠳᠤ ᠬᠦᠷᠴᠦ ᠪᠢᠴᠢᠭ ᠵᠢᠭᠠᠵᠤ | ᠬᠥᠮᠥᠨ ᠬᠥᠮᠥᠵᠢᠭᠦᠯᠵᠦ᠂ ᠲᠤᠬᠠᠢ ᠶᠢᠨ ᠭᠠᠵᠠᠷ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠪᠠ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠳᠤ ᠢᠳᠡᠪᠬᠢᠲᠡᠢ | ᠦᠢᠯᠡᠳᠦᠯ ᠪᠠᠳᠠᠷᠠᠭᠤᠯᠵᠤ᠂ ᠥᠪᠡᠷ ᠢᠶᠠᠨ ᠴᠦ ᠳᠠᠪᠲᠠᠭᠳᠠᠨ ᠪᠣᠯᠪᠠᠰᠤᠷᠠᠵᠤ ᠦᠰᠦᠨ ᠪᠤᠶᠢᠵᠢᠭᠰᠠᠨ ᠪᠠᠶᠢᠨ᠎ᠠ ᠭᠡᠵᠦ ᠬᠡᠯᠡᠪᠡ᠃ | ᠰᠢ ᠶᠢᠨ ᠫᠢᠩ᠂ ᠡᠳᠡᠭᠡᠷ ᠵᠢᠯ ᠤᠳ ᠲᠤ ᠨᠡᠩ ᠤᠯᠠᠨ ᠵᠠᠯᠠᠭᠤᠴᠤᠳ ᠪᠠᠷᠠᠭᠤᠨ ᠣᠷᠣᠨ ᠳᠤ ᠣᠴᠢᠵᠤ᠂ ᠬᠥᠳᠡᠭᠡ ᠲᠣᠰᠬᠤᠨ ᠳᠤ ᠣᠴᠢᠵᠤ᠂ ᠦᠨᠳᠦᠰᠦᠨ | ᠱᠠᠲᠤᠨ ᠳᠤ ᠣᠴᠢᠵᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠵᠠᠮ ᠢ ᠰᠣᠩᠭᠤᠵᠤ᠂ ᠬᠠᠷᠠᠮ ᠦᠭᠡᠢ ᠵᠣᠷᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠵᠠᠯᠠᠭᠤᠴᠤᠳ ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠤᠯᠤᠰ ᠢᠶᠠᠨ ᠬᠦᠴᠦᠷᠬᠡᠭᠵᠢᠭᠦᠯᠬᠦ ᠳᠤ | ᠮᠢᠨᠤ ᠬᠠᠷᠢᠭᠤᠴᠠᠯᠭ᠎ᠠ ᠡᠭᠦᠷᠭᠡᠯᠡᠯ ᠪᠠᠶᠢᠬᠤ ᠶᠢ ᠢᠯᠡᠷᠡᠭᠦᠯᠪᠡ᠃ ᠥᠷᠭᠡᠨ ᠣᠯᠠᠨ ᠵᠠᠯᠠᠭᠤᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠡᠬᠡ | ᠤᠯᠤᠰ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠤᠯᠪᠠᠰᠤᠷᠠᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠡᠬᠡ ᠤᠯᠤᠰ ᠪᠣᠯᠣᠨ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠦᠷᠴᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢᠶ᠋᠊ᠸᠶᠢᠲ᠋ᠧ ᠪᠠᠭ᠎ᠠ ᠰᠤᠷᠭᠠᠭᠤᠯᠢ ᠪᠣᠯ ᠬᠢᠯᠢ ᠶᠢᠨ ᠱᠤᠭᠤᠮ ᠠᠴᠠ 47 ᠺᠢᠯᠣᠮᠧᠳ᠋ᠷ ᠵᠠᠶᠢᠲᠠᠢ᠂ ᠭᠤᠣᠯᠳᠠᠭᠤ ᠭᠢᠷᠭᠢᠰ ᠦᠨᠳᠦᠰᠦᠲᠡᠨ ᠤ ᠰᠤᠷᠤᠬᠴᠢᠳ ᠢᠶᠠᠷ | ᠪᠦᠷᠢᠯᠳᠦᠭᠰᠡᠨ ᠲᠣᠰᠬᠤᠨ ᠤ ᠲᠠᠰ ᠤᠨ ᠪᠠᠭ᠎ᠠ ᠰᠤᠷᠭᠠᠭᠤᠯᠢ ᠪᠠᠶᠢᠵᠤ᠂ 2022 ᠣᠨ ᠤ 8 ᠰᠠᠷ᠎ᠠ ᠳᠤ ᠺᠢᠽᠢᠯᠰᠦ᠋ ᠵᠧᠦ ᠶᠢᠨ ᠠᠩᠬᠠᠳᠠᠭᠴᠢ ᠪᠠᠷᠠᠭᠤᠨ ᠣᠷᠣᠨ ᠤ | ᠲᠥᠯᠥᠪᠯᠡᠭᠡ ᠶᠢᠨ ᠰᠠᠶᠢᠨ ᠳᠤᠷᠠᠴᠤᠳ ᠠᠴᠠ ᠰᠤᠷᠭᠠᠭᠤᠯᠢ ᠶᠢ ᠳᠠᠭᠠᠭᠠᠴᠢᠯᠠᠨ ᠰᠤᠷᠭᠠᠨ ᠬᠥᠮᠦᠵᠢᠯ ᠢ ᠳᠡᠮᠵᠢᠬᠦ ᠲᠤᠷᠰᠢᠯᠲᠠ ᠶᠢᠨ ᠰᠤᠷᠭᠠᠭᠤᠯᠢ ᠪᠣᠯᠵᠠᠢ᠃ | ᠣᠶᠢᠷ᠎ᠠ ᠳᠤ᠂ ᠰᠢᠶ᠋᠊ᠸᠶᠢᠲ᠋ᠧ ᠪᠠᠭ᠎ᠠ ᠰᠤᠷᠭᠠᠭᠤᠯᠢ ᠶᠢᠨ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ | ᠰᠠᠶᠢᠨ ᠳᠤᠷᠠᠴᠤᠤᠨ ᠤᠨ ᠦᠢᠯᠡᠴᠢᠯᠡᠭᠡᠨ ᠤ ᠠᠩᠭᠢ ᠶᠢᠨ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠬᠢᠯᠢ ᠶᠢ ᠰᠠᠬᠢᠨ ᠬᠠᠮᠠᠭᠠᠯᠠᠵᠤ | ᠰᠤᠷᠭᠠᠨ ᠬᠥᠮᠦᠵᠢᠯ ᠢ ᠳᠡᠮᠵᠢᠭᠰᠡᠨ ᠪᠠᠶᠢᠳᠠᠯ ᠪᠠ ᠲᠥᠷᠥᠭᠳᠡᠯ ᠢᠶᠠᠨ ᠬᠠᠷᠢᠭᠤ ᠮᠡᠳᠡᠭᠦᠯᠵᠦ᠂ ᠪᠠᠷᠠᠭᠤᠨ ᠣᠷᠣᠨ ᠳᠤ ᠦᠨᠳᠦᠰᠦᠯᠡᠵᠦ᠂ ᠬᠢᠯᠢ ᠬᠢᠵᠠᠭᠠᠷ ᠣᠷᠣᠨ ᠳᠤ | ᠦᠢᠯᠡᠴᠢᠯᠡᠬᠦ ᠵᠣᠷᠢᠭ ᠢᠶᠠᠨ ᠢᠯᠡᠳᠬᠡᠵᠡᠢ᠃ | | | | | |