ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 30 ᠤ ᠴᠠᠭᠢᠯᠭᠠᠨ ᠮᠡᠳᠡᠭᠡ 5 ᠰᠠᠷ᠎ᠠ ᠶᠢᠨ 1 ᠤ ᠡᠳᠦᠷ ᠬᠡᠪᠯᠡᠭᠳᠡᠬᠦ 9 ᠳ᠋ᠦ᠋ᠭᠡᠷ ᠬᠤᠭᠤᠴᠠᠭᠠᠨ ᠤ ︽ | ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠬᠡᠷᠡᠭᠲᠡᠢ︾ ᠭᠡᠬᠦ ᠴᠢᠬᠤᠯᠠ | ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠵᠠᠯᠠᠭᠤᠴᠤᠳ ᠤᠨ ᠠᠵᠢᠯ ᠴᠢᠬᠤᠯᠠ ᠶᠡᠭᠡ ᠠᠮᠵᠢᠯᠲᠠ ᠣᠯᠵᠤ᠂ | ᠭᠦᠨᠵᠡᠭᠡᠢ ᠬᠤᠪᠢᠰᠤᠯᠲᠠ ᠭᠠᠷᠴᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠵᠠᠯᠠᠭᠤᠴᠤᠳ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠪᠦᠭᠦ ᠲᠠᠯ᠎ᠠ ᠪᠠᠷ | ᠴᠢᠩᠭᠠᠷᠠᠵᠤ᠂ ᠡᠪᠯᠡᠯ ᠤᠨ ᠣᠷᠣᠰᠢᠨ ᠲᠣᠭᠲᠠᠨᠢᠬᠤ ᠦᠨᠳᠦᠰᠦ ᠪᠣᠯᠣᠨ ᠤᠯᠤᠰ ᠲᠦᠷᠦ ᠶᠢᠨ ᠰᠦᠭ ᠰᠦᠨᠡᠰᠦ ᠨᠡᠩ ᠪᠠᠬᠢᠵᠢᠵᠦ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠠᠵᠢᠯ ᠤᠨ ᠴᠢᠭᠯᠡᠯ ᠡᠭᠦᠷᠭᠡ ᠨᠡᠩ ᠲᠣᠳᠣᠷᠬᠠᠢ ᠪᠣᠯᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ | ᠤᠯᠠᠨ ᠲᠦᠮᠡᠨᠴᠢ ᠴᠢᠨᠠᠷ ᠨᠡᠩ ᠢᠯᠡ ᠲᠣᠳᠣ ᠪᠣᠯᠵᠤ᠂ ᠡᠪᠯᠡᠯ ᠤᠨ ᠺᠠᠳ᠋ᠷ ᠤᠨ ᠦᠵᠡᠯ ᠰᠤᠷᠲᠠᠯ᠂ ᠠᠵᠢᠯ ᠤᠨ ᠰᠤᠷᠲᠠᠯ᠂ ᠠᠮᠢᠳᠤᠷᠠᠯ ᠤᠨ ᠰᠤᠷᠲᠠᠯ ᠨᠡᠩ | ᠢᠳᠡᠪᠬᠢᠲᠡᠢ ᠡᠷᠡᠭᠦᠯ ᠥᠭᠡᠳᠡᠷᠬᠡᠭ ᠪᠣᠯᠵᠤ᠂ ᠥᠷᠭᠡᠨ ᠤᠯᠠᠨ ᠵᠠᠯᠠᠭᠤᠴᠤᠳ ᠤᠨ ᠳᠤᠮᠳᠠ ᠴᠣ ᠰᠢᠨ᠎ᠡ ᠳᠦᠷᠢ ᠲᠥᠷᠬᠦ ᠢᠯᠡᠷᠡᠪᠡ᠃ ᠡᠪ ᠬᠠᠮᠲᠤ ᠵᠠᠯᠠᠭᠤᠴᠤᠳ ᠤᠨ | ᠡᠪᠯᠡᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠴᠢᠬᠤᠯᠠ ᠶᠡᠭᠡ ᠡᠭᠦᠷᠭᠡ ᠶᠢᠨ ᠲᠣᠭᠤᠷᠢᠨ ᠳᠤ᠂ | ᠥᠷᠭᠡᠨ ᠣᠯᠠᠨ ᠡᠪᠯᠡᠯ ᠤᠨ ᠭᠡᠰᠢᠭᠦᠨ ᠪᠣᠯᠣᠨ ᠵᠠᠯᠠᠭᠤᠴᠤᠳ ᠤᠨ ᠢᠳᠡᠪᠬᠢᠲᠡᠢ ᠣᠷᠤᠯᠴᠠᠬᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠬᠦ᠂ ᠡᠮᠦᠨ᠎ᠡ ᠨᠢ | ᠭᠠᠪᠰᠢᠭᠠᠶᠢᠯᠠᠬᠤ ᠶᠢ ᠵᠣᠬᠢᠶᠠᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠰᠥᠰᠥ ᠵᠣᠷᠢᠭ ᠪᠠ ᠬᠠᠷᠢᠭᠤᠴᠠᠯᠭ᠎ᠠ | ᠡᠭᠦᠷᠭᠡᠯᠡᠯ ᠢ ᠢᠯᠡᠷᠡᠭᠦᠯᠪᠡ᠃ ᠨᠠᠮ ᠤᠨ ᠲᠥᠪ ᠬᠤᠷᠢᠶ᠎ᠠ ᠠᠴᠠ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠥᠷᠭᠡᠨ ᠤᠯᠠᠨ ᠵᠠᠯᠠᠭᠤᠴᠤᠳ ᠢ ᠭᠦᠢᠴᠡᠳ | ᠢᠲᠡᠭᠡᠵᠦ᠂ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ︕ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠡᠪᠯᠡᠯ ᠤᠨ ᠲᠥᠪ ᠬᠤᠷᠢᠶ᠎ᠠ ᠪᠣᠯᠣᠨ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠰᠢᠨ᠎ᠡ ᠠᠶᠠᠨ ᠳᠠᠬᠢ | ᠨᠠᠮ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ | ᠬᠥᠳᠡᠯᠭᠡᠭᠡᠨ ᠤ ᠭᠤᠣᠯ ᠰᠡᠳᠦᠪ ᠢ ᠪᠠᠲᠤ ᠡᠵᠡᠮᠳᠡᠬᠦ ᠬᠡᠷᠡᠭᠲᠡᠢ᠃ ᠨᠠᠮ ᠤᠨ ᠭᠤᠣᠯ ᠡᠭᠦᠷᠭᠡ ᠶᠢ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠠ | ᠵᠠᠯᠠᠭᠤᠴᠤᠳ ᠤᠨ ᠠᠵᠢᠯ ᠤᠨ ᠭᠤᠣᠯ ᠰᠡᠳᠦᠪ ᠪᠠ ᠴᠢᠭᠯᠡᠯ ᠪᠤᠯᠭᠠᠬᠤ ᠪᠣᠯ 100 ᠭᠠᠷᠤᠢ ᠵᠢᠯ ᠤᠨ ᠲᠤᠷᠰᠢᠬᠢ ᠳᠤᠮᠳᠠᠳᠤ ᠤᠯᠤᠰ ᠤᠨ ᠵᠠᠯᠠᠭᠤᠴᠤᠳ ᠤᠨ | ᠬᠥᠳᠡᠯᠭᠡᠭᠡᠨ ᠪᠠ ᠵᠠᠯᠠᠭᠤᠴᠤᠳ ᠤᠨ ᠠᠵᠢᠯ ᠤᠨ ᠨᠢᠭᠡᠨ ᠦᠨᠳᠦᠰᠦᠨ ᠲᠤᠷᠰᠢᠯᠭ᠎ᠠ ᠮᠥᠨ᠃ ᠡᠪ ᠬᠠᠮᠲᠤ ᠵᠠᠯᠠᠭᠤᠴᠤᠳ ᠤᠨ ᠡᠪᠯᠡᠯ ᠡᠷᠬᠡᠪᠰᠢ ᠨᠠᠮ ᠤᠨ | ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠠᠵᠢᠯ ᠢᠶᠠᠨ | ᠥᠷᠨᠢᠭᠦᠯᠬᠦ ᠬᠡᠷᠡᠭᠲᠡᠢ᠃ ᠵᠠᠯᠠᠭᠤᠴᠤᠳ ᠢ ᠬᠠᠮᠤᠭ ᠤᠨ ᠥᠷᠭᠡᠨ ᠳᠡᠯᠭᠡᠷ ᠢᠶᠠᠷ ᠪᠦᠯᠬᠦᠮᠳᠡᠭᠦᠯᠵᠦ᠂ ᠵᠣᠬᠢᠶᠠᠨ ᠪᠠᠶᠢᠭᠤᠯᠵᠤ᠂ ᠲᠠᠶᠢᠴᠢᠯᠠᠵᠥ᠂ ᠥᠷᠭᠡᠨ ᠤᠯᠠᠨ | ᠵᠠᠯᠠᠭᠤᠴᠤᠳ ᠤᠨ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠢᠶᠠᠨ ᠴᠢᠩᠭᠠᠳᠬᠠᠬᠤ ᠶᠢ ᠵᠣᠷᠢᠭᠵᠢᠭᠤᠯᠵᠤ᠂ ᠤᠯᠤᠰ ᠢᠶᠠᠨ | ᠬᠦᠴᠦᠷᠬᠡᠭᠵᠢᠭᠦᠯᠬᠦ ᠳᠤ ᠪᠢ ᠪᠠᠶᠢᠨ᠎ᠠ ᠭᠡᠬᠦ ᠵᠠᠯᠠᠭᠤ ᠨᠠᠰᠤᠨ ᠤ ᠣᠷᠭᠢᠯᠤᠮ᠎ᠠ ᠰᠡᠳᠬᠢᠯᠭᠡ ᠶᠢ ᠨᠢ ᠬᠥᠭᠵᠢᠭᠡᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠳᠤᠮᠳᠠ ᠵᠣᠷᠢᠭᠲᠠᠢ ᠪᠠᠷ ᠬᠤᠰᠢᠭᠤᠴᠢ ᠠᠩᠭᠢ᠂ ᠭᠠᠪᠰᠢᠭᠠᠢ ᠠᠩᠭᠢ ᠪᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠵᠣᠬᠢᠶᠠᠯ ᠳᠤ᠂ ᠥᠷᠭᠡᠨ ᠤᠯᠠᠨ ᠵᠠᠯᠠᠭᠤᠴᠤᠳ ᠤᠨ ᠤᠯᠤᠰ ᠲᠦᠷᠦ ᠶᠢᠨ ᠵᠢᠯᠣᠭᠤᠳᠤᠯᠭ᠎ᠠ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠵᠠᠯᠠᠭᠤᠴᠤᠳ | ᠬᠦᠰᠡᠯᠡᠩ ᠲᠠᠢ ᠪᠠᠶᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠠᠯᠠ ᠶᠢ ᠳᠠᠭᠠᠭᠠᠵᠤ᠂ ᠵᠣᠷᠢᠭᠲᠠᠢ ᠲᠡᠮᠡᠴᠡᠪᠡᠯ ᠳᠤᠮᠳᠠᠳᠤ ᠤᠯᠤᠰ ᠤᠨ ᠵᠠᠯᠠᠭᠤᠴᠤᠳ | ᠰᠠᠶ᠋ᠢ ᠬᠦᠴᠦᠨ ᠴᠢᠳᠠᠯ ᠲᠠᠢ ᠪᠣᠯᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠰᠠᠶ᠋ᠢ ᠬᠦᠰᠡᠯ ᠡᠷᠡᠮᠡᠯᠵᠡᠯ ᠢᠶᠠᠷ ᠪᠢᠯᠬᠠᠨ᠎ᠠ᠃ ᠥᠷᠭᠡᠨ ᠤᠯᠠᠨ | ᠵᠠᠯᠠᠭᠤᠴᠤᠳ ᠤᠨ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠤᠯᠤᠰ ᠲᠦᠷᠦ ᠶᠢᠨ | ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠨ ᠤᠷᠤᠰᠬᠠᠯ | ᠳᠤᠮᠳᠠ ᠵᠥᠪ ᠠᠮᠢᠳᠤᠷᠠᠬᠤᠢ ᠶᠢᠨ ᠬᠠᠷᠠᠯᠲᠠ ᠪᠠᠨ ᠲᠣᠭᠲᠠᠭᠠᠬᠤ ᠬᠡᠷᠡᠭᠲᠡᠢ᠃ ᠡᠪ ᠬᠠᠮᠲᠤ ᠵᠠᠯᠠᠭᠤᠴᠤᠳ ᠤᠨ ᠡᠪᠯᠡᠯ ᠪᠣᠯ ᠵᠠᠯᠠᠭᠤᠴᠤᠳ ᠤᠨ ᠡᠷᠡᠭᠦᠯ ᠢᠶᠠᠷ ᠦᠰᠦᠨ | ᠪᠤᠶᠢᠵᠢᠬᠤ ᠶᠢ ᠠᠬᠢᠭᠤᠯᠬᠤ ᠤᠯᠤᠰ ᠲᠦᠷᠦ ᠶᠢᠨ ᠰᠤᠷᠭᠠᠭᠤᠯᠢ ᠮᠥᠨ᠂ ᠤᠯᠤᠰ ᠲᠦᠷᠦ ᠶᠢᠨ ᠴᠢᠨᠠᠷ ᠪᠣᠯ ᠡᠪ ᠬᠠᠮᠲᠤ ᠵᠠᠯᠠᠭᠤᠴᠤᠳ ᠤᠨ ᠡᠪᠯᠡᠯ ᠤᠨ ᠨᠢᠭᠡᠳᠦᠭᠡᠷ | ᠰᠢᠨᠵᠢ ᠴᠢᠨᠠᠷ ᠮᠥᠨ᠃ ᠥᠷᠭᠡᠨ ᠣᠯᠠᠨ ᠡᠪᠯᠡᠯ ᠤᠨ ᠭᠡᠰᠢᠭᠦᠨ ᠪᠠ ᠵᠠᠯᠠᠭᠤᠴᠤᠳ ᠤᠨ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠬᠤ ᠶᠢ ᠲᠡᠷᠢᠭᠦᠨ | ᠪᠠᠶᠢᠷᠢᠨ ᠳᠤ ᠲᠠᠯᠪᠢᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠥᠵᠢᠭᠦᠯᠵᠦ᠂ ᠨᠠᠮ ᠳᠤ ᠡᠷᠡᠭᠦᠯ ᠮᠡᠨᠳᠦ | ᠠᠮᠢᠵᠢᠷᠠᠯ ᠤᠨ ᠬᠦᠴᠦᠨ ᠲᠠᠢ ᠰᠢᠨ᠎ᠡ ᠰᠣᠷᠭᠤᠭ ᠴᠢᠰᠤ ᠶᠢ ᠲᠠᠰᠤᠷᠠᠯᠲᠠ ᠦᠭᠡᠢ ᠬᠦᠷᠭᠡᠬᠦ ᠬᠡᠷᠡᠭᠲᠡᠢ᠃ ᠡᠪᠯᠡᠯ ᠤᠨ ᠭᠡᠰᠢᠭᠦᠨ ᠪᠣᠯᠣᠨ ᠵᠠᠯᠠᠭᠤᠴᠤᠳ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠨᠡ ᠬᠦ | ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠣᠯᠣᠨ ᠠᠷᠭ᠎ᠠ ᠶᠢᠨ ᠤᠨᠤᠯ ᠢ ᠴᠢᠷᠮᠠᠶᠢᠨ ᠡᠵᠡᠮᠰᠢᠵᠦ᠂ ᠲᠡᠭᠦᠨ ᠳᠤ ᠲᠤᠭᠤᠰᠢᠯᠠᠭᠳᠠᠵᠤ | ᠪᠠᠶᠢᠭ᠎ᠠ ᠵᠣᠭᠰᠣᠯᠲᠠ ᠦᠵᠡᠯᠲᠡ ᠠᠷᠭ᠎ᠠ ᠪᠠᠷ ᠠᠰᠠᠭᠤᠳᠠᠯ ᠢ ᠵᠠᠳᠠᠯᠬᠤ ᠳᠠᠭᠠᠨ ᠴᠢᠳᠠᠮᠠᠭᠠᠢ ᠪᠠᠶᠢᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ | ᠦᠨᠳᠦᠰᠦᠨ ᠠᠷᠭ᠎ᠠ ᠪᠣᠳᠣᠯᠭ᠎ᠠ ᠶᠢ ᠣᠶᠢᠯᠠᠭᠠᠬᠤ ᠴᠢᠳᠠᠪᠤᠷᠢ ᠪᠠᠨ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠮᠤᠭ | ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠶᠢ ᠭᠦᠢᠴᠡᠳ ᠬᠥᠭᠵᠢᠭᠡᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠣᠷᠢ ᠶᠢᠨ ᠭᠠᠭᠴᠠ ᠵᠥᠪ ᠵᠠᠮ ᠮᠥᠨ᠂ ᠤᠷᠢᠳᠤ ᠡᠮᠦᠨ᠎ᠡ ᠪᠠᠶᠢᠭ᠎ᠠ ᠦᠭᠡᠢ | ᠡᠭᠦᠳᠦᠯᠲᠡ ᠶᠢᠨ ᠴᠢᠨᠠᠷᠲᠠᠢ ᠦᠢᠯᠡᠰ ᠮᠥᠨ᠃ ᠡᠪ ᠬᠠᠮᠲᠤ ᠵᠠᠯᠠᠭᠤᠴᠤᠳ ᠤᠨ ᠡᠪᠯᠡᠯ ᠨᠢ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ | ᠪᠠᠷᠢᠮᠲᠠᠯᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠡᠭᠦᠷᠭᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠥᠷᠭᠡᠨ ᠣᠯᠠᠨ | ᠵᠠᠯᠠᠭᠤᠴᠤᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠲᠤᠬᠠᠶᠢᠯᠠᠭᠰᠠᠨ ᠠᠵᠢᠯ ᠤᠨ ᠪᠠᠶᠢᠷᠢ ᠳᠤᠨᠢ ᠰᠠᠭᠤᠷᠢᠯᠠᠨ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠬᠢᠷᠳᠤᠯ ᠦᠭᠡᠢ ᠬᠥᠭᠵᠢᠯᠲᠡ᠂ ᠨᠡᠶᠢᠭᠡᠮ ᠤᠨ ᠦᠢᠯᠡᠴᠢᠯᠡᠭᠡ᠂ ᠤᠯᠤᠰ ᠢᠶᠠᠨ ᠬᠠᠮᠠᠭᠠᠯᠠᠵᠤ ᠬᠢᠯᠢ | ᠬᠢᠵᠠᠭᠠᠷ ᠢᠶᠠᠨ ᠬᠠᠮᠠᠭᠠᠯᠠᠬᠤ ᠵᠡᠷᠭᠡ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠳᠤᠮᠳᠠ ᠬᠤᠰᠢᠭᠤᠴᠢ ᠴᠡᠷᠢᠭ ᠪᠠ ᠰᠢᠨ᠎ᠡ ᠬᠦᠴᠦᠨ ᠪᠤᠯᠬᠤ ᠪᠠᠷ ᠴᠢᠷᠮᠠᠶᠢᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠡᠪᠯᠡᠯ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ | ᠬᠡᠷᠡᠭᠲᠡᠢ᠃ ᠡᠪᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠡᠪᠯᠡᠯ ᠪᠦᠯᠭᠦᠮ ᠢ ᠪᠦᠭᠦ ᠲᠠᠯ᠎ᠠ ᠪᠠᠷ ᠴᠢᠩᠭ᠎ᠠ ᠬᠠᠮᠢᠶᠠᠷᠤᠨ ᠵᠠᠰᠠᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠠᠨ ᠲᠦᠮᠡᠨ ᠤ ᠪᠦᠯᠭᠦᠮ ᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ | ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢᠶᠠᠨ ᠲᠠᠰᠤᠷᠠᠯᠲᠠ ᠦᠭᠡᠢ ᠪᠠᠲᠤᠯᠠᠨ ᠴᠢᠩᠭᠠᠳᠬᠠᠵᠤ᠂ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ | ᠬᠡᠷᠡᠭᠲᠡᠢ᠃ ᠦᠨᠳᠦᠰᠦᠨ ᠱᠠᠲᠤᠨ ᠤ ᠢᠯᠡ ᠲᠣᠳᠣ ᠤᠳᠤᠷᠢᠳᠤᠮᠵᠢ ᠶᠢ ᠪᠠᠲᠤᠳᠬᠠᠬᠤ ᠶᠢ ᠪᠠᠷᠢᠮᠲᠠᠯᠠᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ | ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠵᠠᠯᠠᠭᠤ ᠤᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠳᠡᠭᠡᠷ᠎ᠡ ᠳᠣᠣᠷ᠎ᠠ ᠱᠠᠲᠤ ᠪᠠᠷ ᠢᠶᠠᠨ | ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠪᠦᠭᠦ ᠡᠪᠯᠡᠯ ᠢᠶᠠᠷ ᠢᠶᠠᠨ ᠦᠨᠳᠦᠰᠦᠨ ᠱᠠᠲᠤ ᠶᠢ ᠠᠳᠬᠤᠬᠤ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ᠃ ᠡᠪᠯᠡᠯ ᠤᠨ ᠺᠠᠳ᠋ᠷ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ ᠳᠠᠷᠤᠢ ᠵᠠᠯᠠᠭᠤᠴᠤᠳ ᠤᠨ ᠠᠵᠢᠯ ᠢ ᠬᠢᠬᠦ ᠶᠠᠪᠤᠳᠠᠯ ᠪᠣᠯᠣᠨ᠎ᠠ᠂ ᠤᠯᠤᠰ | ᠲᠦᠷᠦ ᠶᠢᠨ ᠴᠢᠳᠠᠪᠤᠷᠢ᠂ ᠤᠨᠤᠯ ᠤᠨ ᠪᠣᠯᠪᠠᠰᠤᠷᠠᠯ᠂ ᠤᠯᠠᠨ ᠲᠦᠮᠡᠨ ᠤ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠢᠭᠡ ᠰᠡᠳᠬᠢᠯ ᠨᠢᠭᠡ | ᠵᠣᠷᠢᠭ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠪᠣᠳᠠᠲᠠᠢ ᠠᠵᠢᠯ ᠤᠨ ᠠᠮᠵᠢᠯᠲᠠ ᠪᠦᠲᠦᠮᠵᠢ ᠪᠠᠷ ᠢᠶᠠᠨ ᠨᠠᠮ ᠤᠨ ᠢᠲᠡᠭᠡᠯ ᠢ ᠣᠯᠵᠤ᠂ ᠨᠡᠶᠢᠭᠡᠮ ᠤᠨ | ᠬᠦᠨᠳᠦᠳᠬᠡᠯ ᠢ ᠣᠯᠵᠤ᠂ ᠵᠠᠯᠠᠭᠤᠴᠤᠳ ᠤᠨ ᠮᠠᠭᠲᠠᠭᠠᠯ ᠰᠠᠶᠢᠰᠢᠶᠠᠯ ᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠠᠴᠠ ᠵᠠᠯᠠᠭᠤᠴᠤᠳ ᠤᠨ ᠠᠵᠢᠯ ᠢ ᠬᠠᠮᠢᠶᠠᠷᠬᠤ | ᠵᠠᠷᠴᠢᠮ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠳᠣᠣᠷ᠎ᠠ ᠡᠯ᠎ᠡ ᠰᠠᠯᠠᠭ᠎ᠠ ᠮᠥᠴᠢᠷ ᠤᠨ ᠬᠢᠨ ᠵᠡᠷᠭᠡ ᠪᠠᠷ ᠠᠳᠬᠤᠵᠤ ᠬᠠᠮᠲᠤ ᠪᠠᠷ ᠵᠠᠯᠠᠭᠤᠴᠤᠳ ᠤᠨ | ᠬᠥᠭᠵᠢᠯᠲᠡ ᠶᠢᠨ ᠦᠢᠯᠡᠰ ᠢ ᠬᠠᠮᠢᠶᠠᠷᠬᠤ ᠠᠵᠢᠯ ᠤᠨ ᠪᠠᠶᠢᠷᠢᠰᠢᠯ ᠢ ᠪᠠᠶᠢᠭᠤᠯᠤᠨ ᠲᠡᠭᠦᠯᠳᠡᠷᠵᠢᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠲᠦᠭᠡᠯᠴᠢ | ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠵᠠᠯᠠᠭᠤ | ᠨᠠᠶᠢᠵᠠ ᠶᠢᠨ ᠰᠡᠳᠬᠢᠯ ᠢ ᠮᠡᠳᠡᠭᠴᠢ᠂ ᠵᠠᠯᠠᠭᠤ ᠤᠯᠠᠨ ᠲᠦᠮᠡᠨ ᠤ ᠵᠠᠮᠴᠢᠯᠠᠭᠴᠢ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠦᠰᠡᠯ ᠡᠷᠡᠮᠡᠯᠵᠡᠯ ᠵᠠᠯᠠᠭᠤᠴᠤᠳ ᠤᠨ ᠪᠡᠶ᠎ᠡ ᠳᠡᠭᠡᠷ᠎ᠡ ᠪᠠᠶᠢᠨ᠎ᠠ᠃ ᠡᠪ ᠬᠠᠮᠲᠤ | ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠳᠤ ᠰᠢᠯᠢᠳᠡᠭ ᠤᠯᠠᠮᠵᠢᠯᠠᠯ ᠢᠶᠠᠨ ᠤᠯᠠᠮᠵᠢᠯᠠᠨ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠪᠠᠷᠢᠮᠲᠠᠯᠠᠵᠤ᠂ ᠵᠠᠯᠠᠭᠤ ᠨᠢᠭᠡ ᠦᠶ᠎ᠡ ᠶᠢᠨ ᠬᠢᠨ ᠢ ᠨᠠᠮ ᠤᠨ ᠲᠣᠭᠤᠷᠢᠨ ᠳᠤ ᠨᠡᠩ ᠰᠠᠶᠢᠲᠤᠷ ᠪᠦᠯᠬᠦᠮᠳᠡᠭᠦᠯᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠶᠢᠨ ᠲᠥᠯᠥᠭᠡ ᠦᠷᠭᠦᠯᠵᠢᠯᠡᠨ ᠲᠡᠮᠡᠴᠡᠬᠦ ᠶᠢ ᠬᠦᠰᠡᠵᠦ ᠪᠠᠶᠢᠨ᠎ᠠ ᠭᠡᠵᠦ | ᠴᠢᠬᠤᠯᠠᠴᠢᠯᠠᠪᠠ᠃ | | | |