4 ᠰᠠᠷ᠎ᠠ ᠶᠢᠨ 30 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠬᠠᠲᠠᠪᠴᠢ ᠪᠠᠯᠭᠠᠰᠤᠨ ᠤ ᠱᠠᠩᠳᠤ ᠭᠠᠴᠠᠭᠠᠨ ᠤ ᠵᠥᠪᠯᠡᠯ ᠤᠨ ᠭᠡᠰᠢᠭᠦᠨ ᠡᠷᠳᠡᠨᠢᠳᠠᠯᠠᠢ | ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠤᠨ ᠦᠨᠡᠮᠯᠡᠯ ᠪᠣᠯᠣᠨ ᠱᠠᠩᠨᠠᠯ ᠤᠨ ᠲᠡᠮᠳᠡᠭ ᠭᠦᠷᠳᠡᠭᠡᠳ ᠭᠡᠷ ᠲᠡᠭᠡᠨ ᠪᠤᠴᠠᠵᠤ ᠢᠷᠡᠬᠦ ᠳᠤ᠂ | ᠣᠶᠢᠷ᠎ᠠ ᠬᠠᠪᠢ ᠶᠢᠨ ᠮᠠᠯᠴᠢᠳ ᠨᠢ ᠲᠡᠭᠦᠨ ᠢ ᠪᠠᠶᠠᠷᠯᠠᠨ ᠤᠭᠲᠤᠵᠤ ᠪᠢᠯᠡ᠃ ᠮᠠᠯᠴᠢᠨ ᠲᠦᠮᠡᠨᠭᠡᠷᠡᠯ᠄ ︽ᠳᠠᠯᠠᠢ᠂ ᠲᠠ ᠮᠠᠨ ᠤ ᠲᠠᠯ᠎ᠠ ᠨᠤᠲᠤᠭ ᠲᠠᠭᠠᠨ ᠥᠩᠭᠡ | ᠭᠡᠷᠡᠯ ᠨᠡᠮᠡᠷᠢᠯᠡᠪᠡ᠂ ᠡᠨᠡ ᠪᠣᠯ ᠪᠢᠳᠡᠨ ᠤ ᠣᠮᠣᠭᠰᠢᠯ ᠪᠣᠯᠣᠨ᠎ᠠ︕︾ ᠭᠡᠵᠦ ᠳᠣᠭᠳᠣᠯᠤᠨ ᠬᠡᠯᠡᠪᠡ᠃ | | | | ᠡᠷᠳᠡᠨᠢᠳᠠᠯᠠᠢ ᠢᠷᠠᠭᠤ ᠠᠯᠳᠠᠷ ᠤᠨ ᠦᠨᠡᠮᠯᠡᠯ ᠪᠣᠯᠣᠨ ᠱᠠᠩᠨᠠᠯ ᠤᠨ ᠲᠡᠮᠳᠡᠭ ᠢᠶᠠᠨ ᠲᠥᠪ ᠬᠢᠴᠢᠶᠡᠩᠭᠦᠢ ᠪᠠᠷ ᠡᠬᠡᠨᠡᠷ ᠰᠠᠷ᠎ᠠ ᠳᠠᠭᠠᠨ ᠭᠠᠷᠳᠠᠭᠤᠯᠵᠤ᠂ | ᠨᠢᠳᠦᠨ ᠳᠡᠭᠡᠨ ᠨᠢᠯᠪᠤᠰᠤ ᠲᠠᠢ ᠪᠠᠷ᠄ ︽ᠡᠳᠡᠭᠡᠷ ᠵᠢᠯ ᠤᠳ ᠲᠤ᠂ ᠲᠠ ᠠᠶᠢᠯ ᠭᠡᠷ ᠢᠶᠠᠨ ᠰᠠᠶᠢᠲᠤᠷ ᠳᠣᠳᠣᠮᠳᠠᠭᠰᠠᠨ ᠤ ᠠᠴᠢ ᠪᠠᠷ ᠪᠢ ᠰᠠᠨᠠᠭ᠎ᠠ ᠠᠮᠤᠷ ᠠᠵᠢᠯᠯᠠᠵᠤ | ᠴᠢᠳᠠᠵᠠᠢ᠃ ᠡᠨᠡ ᠬᠦ ᠢᠷᠠᠭᠤ ᠠᠯᠳᠠᠷ ᠪᠣᠯ ᠮᠠᠨ ᠤ ᠬᠠᠮᠲᠤ ᠶᠢᠨ ᠬᠢ ᠶᠤᠮ᠂ ᠨᠡᠩ ᠴᠤ ᠲᠠᠯ᠎ᠠ ᠨᠤᠲᠤᠭ ᠤᠨ ᠠᠬ᠎ᠠ ᠡᠭᠡᠴᠢ ᠳᠡᠭᠦᠦ ᠨᠢᠭᠡ ᠪᠦᠷᠢ ᠶᠢᠨ ᠬᠢ ᠶᠤᠮ︕ | ︾ ᠭᠡᠰᠡᠨ ᠡᠭᠡᠯ ᠪᠣᠷᠣᠭᠵᠢᠭᠤᠨ ᠦᠭᠡ ᠶᠠᠷᠢᠶ᠎ᠠ ᠨᠢ ᠡᠨᠡ ᠬᠦ ᠲᠠᠯ᠎ᠠ ᠨᠤᠲᠤᠭ ᠤᠨ ᠰᠠᠶᠢᠨ ᠡᠷ᠎ᠡ ᠶᠢᠨ ᠦᠨᠳᠦᠰᠦᠨ ᠱᠠᠲᠤᠨ ᠳᠤ ᠦᠨᠳᠦᠰᠦᠯᠡᠵᠦ᠂ ᠤᠯᠠᠨ | ᠲᠦᠮᠡᠨ ᠳᠤ ᠦᠢᠯᠡᠴᠢᠯᠡᠬᠦ ᠤᠭ ᠰᠠᠨᠠᠭ᠎ᠠ ᠶᠢ ᠢᠯᠡᠷᠡᠭᠦᠯᠵᠦ ᠪᠢᠯᠡ᠃ | | | | ᠱᠠᠩᠳᠤ ᠭᠠᠴᠠᠭ᠎ᠠ ᠳᠤ ᠡᠷᠳᠡᠨᠢᠳᠠᠯᠠᠢ ᠪᠣᠯ ︽ᠵᠦᠭᠡᠷ ᠰᠠᠭᠤᠵᠤ ᠴᠢᠳᠠᠬᠤ ᠦᠭᠡᠢ ᠬᠥᠮᠥᠨ︾ ᠶᠤᠮ᠃ ᠲᠡᠷᠡ ᠪᠣᠯ ᠠᠷᠪᠠᠨ ᠳᠥᠷᠪᠡᠳᠦᠭᠡᠷ ᠬᠤᠭᠤᠴᠠᠭᠠᠨ ᠤ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ︽ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠬᠤᠪᠢ ᠬᠥᠮᠥᠨ︾ ᠪᠤᠯᠬᠤ ᠪᠠᠷ ᠪᠠᠷᠠᠬᠤ ᠦᠭᠡᠢ᠂ ᠪᠠᠰᠠ ᠴᠤ ︽ᠮᠣᠷᠢᠨ ᠨᠢᠷᠤᠭᠤᠨ ᠳᠡᠭᠡᠷᠡᠬᠢ ᠬᠢᠯᠢ ᠬᠠᠮᠠᠭᠠᠯᠠᠭᠴᠢ︾ ᠪᠠ ᠨᠠᠮ ᠤᠨ ᠭᠡᠰᠢᠭᠦᠨ ᠤ | ᠭᠤᠣᠯᠳᠠᠯᠭᠠᠲᠤ ᠡᠷᠦᠭᠡ ᠪᠣᠯᠣᠨ᠎ᠠ᠂ ᠶᠡᠷᠦᠩᠬᠡᠶᠢᠯᠡᠨ ᠵᠠᠰᠠᠬᠤ ᠥᠷᠳᠡᠭᠡ ᠶᠢᠨ ᠬᠠᠷᠢᠭᠤᠴᠠᠯᠭᠠᠲᠠᠨ ᠮᠥᠷᠲᠡᠭᠡᠨ ᠮᠠᠯᠴᠢᠳ ᠤᠨ ᠬᠡᠷᠡᠭᠴᠡᠭᠡ ᠲᠠᠢ ᠦᠶ᠎ᠡ ᠳᠤ ᠳᠠᠭᠤᠳᠠᠪᠠᠯ | ᠳᠠᠷᠤᠢ ᠭᠦᠷᠦᠭᠡᠳ ᠢᠷᠡᠳᠡᠭ ︽ᠲᠡᠯᠡᠶ ᠠᠬ᠎ᠠ︾ ᠪᠣᠯᠣᠨ᠎ᠠ᠃ | ᠵᠡᠭᠦᠨ ᠦᠵᠦᠮᠦᠴᠢᠨ ᠬᠤᠰᠢᠭᠤ ᠪᠣᠯ ᠬᠢᠯᠢ ᠳᠠᠭᠠᠤ ᠪᠠᠶᠢᠷᠢᠯᠠᠭᠰᠠᠨ ᠬᠤᠰᠢᠭᠤ ᠪᠠᠶᠢᠵᠤ᠂ ᠮᠣᠩᠭᠤᠯ ᠤᠯᠤᠰ ᠯᠤᠭ᠎ᠠ ᠬᠢᠯᠢ ᠨᠡᠶᠢᠯᠡᠵᠦ᠂ ᠬᠢᠯᠢ ᠶᠢᠨ ᠱᠤᠭᠤᠮ ᠨᠢ | 520 ᠭᠠᠷᠤᠢ ᠺᠢᠯᠣᠮᠧᠳ᠋ᠷ ᠤᠷᠲᠤ᠂ ᠬᠢᠯᠢ ᠶᠢᠨ ᠳᠣᠲᠣᠷᠠᠬᠢ ᠵᠡᠭᠦᠨ ᠬᠠᠲᠠᠪᠴᠢ ᠪᠣᠭᠤᠮᠲᠠ ᠪᠣᠯ ᠣᠯᠠᠨ ᠤᠯᠤᠰ ᠤᠨ ᠴᠢᠨᠠᠷᠲᠠᠢ ᠵᠢᠯ ᠲᠤᠷᠰᠢ ᠨᠡᠭᠡᠭᠡᠬᠦ ᠪᠣᠭᠤᠮᠲᠠ | ᠪᠣᠯᠣᠨ᠎ᠠ᠃ ᠡᠷᠳᠡᠨᠢᠳᠠᠯᠠᠢ ᠶᠢᠨ ᠬᠢᠨ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠠᠴᠠ ᠠᠷᠪᠠᠭ᠋ᠠᠨ ᠺᠢᠯᠣᠮᠧᠳ᠋ᠷ ᠵᠠᠶᠢᠲᠠᠢ ᠪᠠᠶᠢᠳᠠᠭ᠃ ᠡᠳᠡᠭᠡᠷ ᠵᠢᠯ ᠤᠨ ᠲᠤᠷᠰᠢ᠂ | ᠭᠠᠵᠠᠷ ᠣᠷᠣᠨ ᠤ ᠨᠡᠶᠢᠭᠡᠮ ᠤᠨ ᠲᠣᠭᠲᠠᠭᠤᠨ᠂ ᠦᠨᠳᠦᠰᠦᠲᠡᠨ ᠤ ᠪᠦᠯᠬᠦᠮᠳᠡᠯ᠂ ᠬᠢᠯᠢ ᠶᠢᠨ ᠠᠮᠤᠷ ᠲᠦᠪᠰᠢᠨ ᠢ ᠬᠠᠮᠠᠭᠠᠯᠠᠬᠤ ᠪᠣᠯ ᠡᠯ᠎ᠡ ᠵᠦᠢᠯ ᠤᠨ ᠠᠵᠢᠯ | ᠤᠷᠤᠭᠰᠢᠲᠠᠢ ᠶᠠᠪᠤᠭᠳᠠᠵᠤ᠂ ᠤᠯᠠᠨ ᠲᠦᠮᠡᠨ ᠠᠮᠤᠷ ᠲᠠᠶᠢᠪᠤᠩ ᠠᠵᠤ ᠲᠦᠷᠦᠭᠦ ᠶᠢᠨ ᠰᠠᠭᠤᠷᠢ ᠴᠢᠯᠠᠭᠤ ᠪᠤᠯᠬᠤ ᠶᠢ ᠲᠡᠷᠡ ᠭᠦᠨᠵᠡᠭᠡᠢ ᠣᠶᠢᠯᠠᠭᠠᠪᠠ᠃ ︽ᠮᠠᠨ ᠤ | ᠡᠨᠡ ᠨᠤᠲᠤᠭ ᠬᠢᠯᠢ ᠶᠢᠨ ᠱᠤᠭᠤᠮ ᠲᠠᠢ ᠵᠠᠯᠭᠠᠯᠳᠤᠵᠤ ᠪᠠᠶᠢᠨ᠎ᠠ᠂ ᠠᠳᠡᠬᠢ ᠶᠢ ᠰᠠᠶᠢᠲᠤᠷ ᠰᠠᠬᠢᠨ ᠬᠠᠮᠠᠭᠠᠯᠠᠬᠤ ᠪᠣᠯ ᠡᠬᠡ ᠤᠯᠤᠰ ᠤᠨ ᠢᠶᠠᠨ ᠤᠮᠠᠷᠠᠲᠤ ᠶᠡᠭᠡ | ᠬᠠᠭᠠᠯᠭ᠎ᠠ ᠶᠢ ᠰᠠᠶᠢᠲᠤᠷ ᠰᠠᠬᠢᠨ ᠬᠠᠮᠠᠭᠠᠯᠠᠵᠤ ᠪᠠᠶᠢᠭ᠎ᠠ ᠶᠠᠪᠤᠳᠠᠯ ᠪᠣᠯᠣᠨ᠎ᠠ︾ ᠭᠡᠵᠦ ᠡᠷᠳᠡᠨᠢᠳᠠᠯᠠᠢ ᠦᠷᠭᠦᠯᠵᠢ ᠶᠠᠷᠢᠳᠠᠭ᠃ | | | | ᠡᠷᠳᠡᠨᠢᠳᠠᠯᠠᠢ ᠭᠤᠸᠠᠢ ᠵᠢᠯ ᠤᠨ ᠲᠦᠷᠪᠡᠨ ᠤᠯᠠᠷᠢᠯ ᠳᠤ ᠬᠥᠯ ᠢᠶᠠᠷ ᠢᠶᠠᠨ ᠬᠢᠯᠢ ᠶᠢᠨ ᠱᠤᠭᠤᠮ ᠢ ᠬᠡᠮᠵᠢᠵᠦ᠂ ᠰᠠᠯᠬᠢ ᠪᠣᠷᠣᠭᠠᠨ ᠳᠤ ᠰᠠᠭᠠᠲᠠᠯ ᠦᠭᠡᠢ ᠴᠠᠭᠳᠠᠨ | ᠪᠠᠶᠢᠴᠠᠭᠠᠳᠠᠭ᠃ ᠨᠢᠳᠤᠨᠤᠨ ᠡᠪᠦᠯ᠂ ᠲᠡᠷᠡ ᠲᠡᠭ ᠠᠴᠠ ᠳᠣᠷᠣᠭᠰᠢ 35 ᠭᠷᠡᠳᠦ᠋ᠰ ᠤᠨ ᠬᠦᠢᠲᠡᠨ ᠳᠤ ᠴᠠᠭᠳᠠᠨ ᠪᠠᠶᠢᠴᠠᠭᠠᠵᠤ ᠪᠠᠶᠢᠬᠤ ᠳᠤᠮᠳᠠ ᠪᠠᠨ ᠬᠢᠯᠢ ᠶᠢᠨ | ᠱᠤᠭᠤᠮ ᠤᠨ ᠨᠢᠭᠡ ᠲᠡᠮᠦᠷ ᠲᠣᠣᠷ ᠶᠡᠭᠡ ᠰᠠᠯᠬᠢᠨ ᠳᠤ ᠦᠯᠢᠶᠡᠭᠳᠡᠨ ᠤᠨᠠᠭᠰᠠᠨ ᠢ ᠣᠯᠵᠤ ᠮᠠᠲᠠᠵᠠᠢ᠃ ᠲᠡᠷᠡ ᠥᠴᠥᠬᠡᠨ ᠴᠦ ᠲᠠᠲᠠᠭᠠᠯᠵᠠᠯ ᠦᠭᠡᠢ ᠪᠠᠷ ᠶᠠᠰᠤ | ᠶᠠᠩᠭᠢᠨᠠᠮ᠎ᠠ ᠬᠦᠢᠲᠡᠨ ᠰᠠᠯᠬᠢᠨ ᠳᠤ ᠳᠠᠷᠤᠢ ᠳᠤᠨᠢ ᠰᠡᠯᠪᠢᠨ ᠵᠠᠰᠠᠪᠠ᠃ ︽ᠲᠤᠬᠠᠢ ᠶᠢᠨ ᠦᠶ᠎ᠡ ᠳᠤ ᠭᠠᠷ ᠳᠠᠭᠠᠷᠠᠭᠠᠳ ᠮᠡᠳᠡᠭᠡ ᠦᠭᠡᠢ ᠪᠣᠯᠵᠠᠢ︾ ᠭᠡᠵᠦ ᠲᠡᠷᠡ | ᠡᠷᠭᠢᠴᠡᠭᠦᠯᠦᠨ᠎ᠡ᠃ ᠴᠠᠭ ᠭᠠᠷᠤᠢ ᠶᠢᠨ ᠴᠢᠷᠮᠠᠶᠢᠯᠭ᠎ᠠ ᠪᠠᠷ ᠳᠡᠮᠵᠢᠨ᠂ ᠲᠡᠷᠡ ᠡᠴᠦᠰ ᠲᠡᠭᠡᠨ ᠲᠡᠮᠦᠷ ᠲᠣᠣᠷ ᠢ ᠵᠠᠰᠠᠵᠤ᠂ ᠬᠢᠯᠢ ᠬᠢᠵᠠᠭᠠᠷ ᠤᠨ ᠠᠮᠤᠷ ᠲᠦᠪᠰᠢᠨ ᠢ | ᠪᠠᠲᠤᠯᠠᠪᠠ᠃ | | | | ︽ᠡᠷᠳᠡᠨᠢᠳᠠᠯᠠᠢ ᠪᠣᠯ ᠮᠠᠨ ᠤ ᠬᠢᠯᠢ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠᠬᠢ ᠭᠠᠷᠮᠠᠭᠠᠢ ᠲᠥᠯᠥᠭᠡᠯᠡᠭᠴᠢ ᠮᠥᠨ᠂ ᠨᠡᠷ᠎ᠡ ᠨᠢᠳᠡᠷ ᠲᠡᠭᠡᠨ ᠨᠡᠶᠢᠴᠡᠭᠰᠡᠨ ︿ | ᠠᠮᠢᠳᠤ ᠭᠠᠵᠠᠷ ᠤᠨ ᠵᠢᠷᠤᠭ﹀ ᠮᠥᠨ᠂ ᠲᠡᠷᠡ ᠪᠣᠳᠠᠲᠤ ᠠᠵᠢᠯᠯᠠᠭ᠎ᠠ ᠪᠠᠷ ᠢᠶᠠᠨ ᠬᠢᠯᠢ ᠬᠠᠮᠠᠭᠠᠯᠠᠭᠴᠢ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠲᠠᠶᠢᠯᠪᠤᠷᠢᠯᠠᠵᠠᠢ᠃ | ᠲᠡᠷᠨ ᠱᠠᠩᠳᠤ ᠭᠠᠴᠠᠭᠠᠨ ᠤ ᠣᠮᠣᠭᠰᠢᠯ ᠪᠤᠯᠬᠤ ᠪᠠᠷ ᠪᠠᠷᠠᠬᠤ ᠦᠭᠡᠢ᠂ ᠮᠠᠨ ᠤ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠣᠮᠣᠭᠰᠢᠯ ᠪᠣᠯᠣᠨ᠎ᠠ᠃ | ᠡᠶᠢᠮᠦ ᠰᠠᠶᠢᠨ ᠠᠬ᠎ᠠ ᠳᠡᠭᠦᠦ ᠲᠠᠢ ᠪᠠᠨ ᠬᠠᠮᠲᠤ ᠠᠵᠢᠯᠯᠠᠪᠠᠯ ᠪᠢᠳᠡᠨ ᠤ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠢᠲᠡᠭᠡᠯ ᠵᠣᠷᠢᠭ ᠨᠠᠩ ᠲᠡᠭᠦᠯᠳᠡᠷ | ᠪᠣᠯᠣᠨ᠎ᠠ︾ ᠭᠡᠵᠦ ᠰᠢᠯᠢ ᠶᠢᠨ ᠭᠤᠣᠯ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠠᠳᠠᠪᠴᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠵᠢᠭᠠᠨ | ᠵᠢᠯᠣᠭᠤᠳᠤᠭᠴᠢ ᠸᠠᠩ ᠶᠢᠨ ᠫᠥᠸᠧ ᠬᠡᠯᠡᠭᠰᠡᠨ ᠢᠶᠠᠨ ᠵᠠᠯᠭᠠᠭᠠᠳ᠂ ᠡᠲᠡᠭᠡᠷ ᠵᠢᠯ ᠤᠳ ᠲᠤ ᠡᠷᠳᠡᠨᠢᠳᠠᠯᠠᠢ ᠮᠠᠯᠴᠢᠳ ᠢᠶᠠᠨ ᠳᠠᠭᠠᠭᠤᠯᠤᠨ ᠬᠢᠯᠢ ᠶᠢ ᠲᠣᠭᠤᠷᠢᠨ | ᠬᠠᠮᠠᠭᠠᠯᠠᠬᠤ ᠠᠵᠢᠯ ᠳᠤ ᠣᠷᠣᠯᠴᠠᠵᠤ᠂ ᠡᠬᠡ ᠣᠷᠣᠨᠴᠢ ᠬᠠᠶᠢᠷ᠎ᠠ ᠰᠡᠳᠬᠢᠯᠭᠡ ᠶᠢ ᠲᠠᠯ᠎ᠠ ᠨᠤᠲᠤᠭ ᠤᠨ ᠬᠥᠷᠥᠰᠥ ᠰᠢᠷᠣᠢ ᠳᠤ ᠰᠢᠩᠭᠡᠭᠡᠭᠰᠡᠨ ᠪᠠᠶᠢᠨ᠎ᠠ ᠭᠡᠪᠡ᠃ | | | | ᠠᠵᠤ ᠠᠬᠤᠢ ᠶᠢ ᠬᠥᠭᠵᠢᠭᠦᠯᠬᠦ ᠭᠤᠣᠯ ᠳᠠᠶᠢᠯᠠᠯᠳᠤᠭᠠᠨ ᠤ ᠲᠠᠯᠠᠪᠤᠷ ᠲᠤ᠂ ᠡᠷᠳᠡᠨᠢᠳᠠᠯᠠᠢ ᠮᠥᠨ ᠴᠦ ᠭᠢᠯᠠᠯᠵᠠᠭᠰᠠᠨ ᠬᠠᠷᠢᠭᠤᠯᠲᠠ ᠶᠢᠨ ᠬᠠᠭᠤᠳᠠᠰᠤ | ᠲᠤᠰᠢᠶᠠᠵᠠᠢ᠃ ᠲᠡᠷᠡ ᠥᠪᠡᠷ ᠤᠨ ᠨᠤᠲᠤᠭ ᠪᠡᠯᠴᠢᠭᠡᠷ ᠢᠶᠠᠨ ᠠᠰᠢᠭᠯᠠᠨ ᠲᠤᠷᠰᠢᠯᠲᠠ ᠶᠢᠨ ᠴᠡᠭ ᠪᠤᠯᠭᠠᠵᠤ᠂ ᠮᠠᠯᠵᠢᠬᠤ ᠣᠷᠣᠨ ᠤ ᠬᠥᠭᠵᠢᠯᠲᠡ ᠶᠢ ᠠᠬᠢᠭᠤᠯᠵᠤ᠂ | ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ᠂ ᠪᠣᠬᠢᠷᠳᠤᠯ ᠦᠭᠡᠢ ᠬᠥᠭᠵᠢᠭᠦᠯᠬᠦ ᠵᠠᠭᠪᠤᠷ ᠢ ᠰᠦᠪᠡᠭᠴᠢᠯᠡᠵᠦ᠂ ᠪᠠᠷᠢᠮᠵᠢᠶᠠᠵᠢᠭᠰᠠᠨ ᠤᠳᠤ ᠦᠶ᠎ᠡ ᠶᠢᠨ ᠭᠡᠷ | ᠪᠦᠯᠢ ᠶᠢᠨ ᠮᠠᠯᠵᠢᠯ ᠤᠨ ᠲᠠᠯᠠᠪᠠᠢ ᠶᠢ ᠴᠣᠭᠴᠠᠯᠠᠵᠤ᠂ ᠵᠢᠯ ᠤᠨ ᠳᠤᠮᠳᠠᠴᠢ ᠣᠷᠣᠯᠭ᠎ᠠ ᠨᠢ 10 ᠭᠠᠷᠤᠢ ᠲᠦᠮᠡᠨ ᠲᠥᠭᠦᠷᠢᠭ ᠲᠤ ᠬᠦᠷᠴᠦ᠂ ᠨᠤᠲᠤᠭ ᠪᠡᠯᠴᠢᠭᠡᠷ ᠢ | ᠬᠠᠮᠠᠭᠠᠯᠠᠬᠤ ᠪᠠ ᠭᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠬᠦ ᠬᠤᠣᠰ ᠠᠰᠢᠭ ᠢ ᠪᠡᠶᠡᠯᠡᠭᠦᠯᠪᠡ᠃ ᠲᠡᠷᠡ ᠢᠮᠠᠭᠲᠠ ︽ᠨᠢᠭᠡ ᠬᠥᠮᠥᠨ ᠪᠠᠶᠠᠨ ᠪᠣᠯ ᠪᠠᠶᠠᠨ ᠳᠤ | ᠲᠣᠭᠠᠴᠠᠭᠳᠠᠬᠤ ᠦᠭᠡᠢ᠂ ᠣᠯᠠᠨ ᠢᠶᠠᠷ ᠢᠶᠠᠨ ᠪᠠᠶᠠᠨ ᠪᠣᠯ ᠰᠠᠶ᠋ᠢ ᠵᠢᠩᠬᠢᠨᠢ ᠪᠠᠶᠠᠨ ᠳᠤ ᠲᠣᠭᠠᠴᠠᠭᠳᠠᠨ᠎ᠠ︾ ᠭᠡᠳᠡᠭ ᠢ ᠪᠠᠲᠤ ᠢᠲᠡᠭᠡᠭᠰᠡᠭᠡᠷ ᠢᠷᠠᠵᠠᠢ᠃ ᠲᠡᠷᠡ ︽ | ᠨᠠᠮ ᠤᠨ ᠭᠡᠰᠢᠭᠦᠨ ᠤ ᠭᠤᠣᠯᠳᠠᠯᠭᠠᠲᠤ ᠡᠷᠦᠭᠡ + ᠨᠡᠶᠢᠭᠡᠮᠯᠢᠭ︾ ᠤᠨ ᠮᠠᠯᠵᠢᠬᠤ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠬᠥᠭᠵᠢᠯᠲᠡ ᠶᠢᠨ ᠵᠠᠭᠪᠤᠷ ᠢᠶᠠᠷ ᠳᠡᠮᠵᠢᠨ ᠪᠡᠶ᠎ᠡ ᠪᠠᠷ ᠢᠶᠠᠨ ᠬᠦᠷᠴᠦ᠂ ᠮᠠᠯᠴᠢᠳ ᠲᠤ ᠲᠤᠷᠰᠢᠯᠭ᠎ᠠ ᠤᠯᠠᠮᠵᠢᠯᠠᠨ᠂ ᠲᠡᠳᠡᠨ ᠤ ᠲᠡᠵᠢᠭᠡᠨ ᠦᠷᠡᠵᠢᠭᠦᠯᠬᠦ ᠦᠢᠯᠡᠰ ᠢᠶᠠᠨ | ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ ᠬᠠᠷᠢᠶ᠎ᠠ ᠣᠷᠣᠨ ᠤ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠶᠠᠳᠠᠭᠤ ᠠᠴᠠ ᠠᠩᠭᠢᠵᠢᠷᠠᠭᠰᠠᠨ ᠡᠷᠦᠭᠡ ᠲᠠᠢ | ᠬᠠᠷᠢᠯᠴᠠᠵᠤ ᠬᠠᠪᠰᠤᠷᠤᠨ᠂ ᠨᠠᠮ ᠤᠨ ᠭᠡᠰᠢᠭᠦᠨ ᠤ ᠠᠮᠠᠯᠳᠠᠭᠰᠠᠨ ᠠᠮᠠᠯᠠᠯᠲᠠ ᠪᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠥᠷᠨᠢᠭᠦᠯᠦᠨ᠂ ᠨᠠᠮ ᠤᠨ ᠭᠡᠰᠢᠭᠦᠨ ᠤ | ᠠᠮᠠᠯᠳᠠᠭᠰᠠᠨ 32 ᠵᠦᠢᠯᠡᠰ ᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 80% ᠳᠤ ᠬᠦᠷᠴᠡᠢ᠃ | ᠬᠢᠯᠢ ᠶᠢ ᠪᠠᠲᠤ ᠰᠠᠬᠢᠭᠰᠠᠨ ᠣᠨ ᠰᠠᠷ᠎ᠠ ᠨᠤᠭᠤᠳ ᠲᠤ ᠦᠨᠳᠦᠰᠦᠲᠡᠨ ᠤ ᠪᠦᠯᠬᠦᠮᠳᠡᠯ ᠨᠢ ᠨᠢᠭᠡᠨᠲᠡ ᠡᠷᠳᠡᠨᠢᠳᠠᠯᠠᠢ ᠶᠢᠨ ᠡᠳᠦᠷ ᠲᠤᠲᠤᠮ ᠤᠨ ᠠᠮᠢᠳᠤᠷᠠᠯ ᠳᠤ | ᠭᠦᠨ ᠠᠭᠤᠰᠪᠠ᠃ ᠬᠠᠳᠠᠪᠴᠢ ᠪᠠᠯᠭᠠᠰᠤᠨ ᠤ ︽ᠠᠨᠠᠷ ᠤᠨ ᠦᠷ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠶᠢᠨ ᠳᠠᠷᠤᠭ᠎ᠠ ᠪᠣᠯᠤᠭᠰᠠᠨ ᠤ | ᠬᠤᠪᠢ ᠳᠤ᠂ ᠡᠷᠳᠡᠨᠢᠳᠠᠯᠠᠢ ᠪᠠᠯᠭᠠᠰᠤᠨ ᠤ ᠵᠠᠰᠠᠭ ᠤᠨ ᠣᠷᠳᠣᠨ ᠵᠢᠴᠢ ᠬᠢᠯᠢ ᠶᠢᠨ ᠲᠣᠮᠢᠯᠠᠭᠰᠠᠨ ᠰᠠᠯᠪᠤᠷᠢ᠂ ᠰᠤᠮᠤᠨ ᠠᠩᠭᠢ ᠵᠡᠷᠭᠡ ᠶᠢ ᠬᠠᠮᠵᠢᠨ ᠡᠯ᠎ᠡ ᠲᠥᠷᠥᠯ ᠤᠨ | ᠣᠨᠴᠠᠯᠢᠭᠲᠤ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠦᠨ᠎ᠡ᠂ ᠵᠢᠱᠢᠶᠡᠯᠡᠪᠡᠯ ᠬᠠᠤᠯᠢ ᠪᠠᠷ ᠵᠠᠰᠠᠬᠤ ᠤᠬᠠᠭᠤᠯᠭ᠎ᠠ᠂ ᠵᠥᠪᠯᠡᠯᠭᠡ ᠥᠭᠬᠦ ᠦᠢᠯᠡᠴᠢᠯᠡᠭᠡ᠂ | ᠵᠥᠷᠢᠴᠡᠯ ᠢ ᠰᠢᠢᠳᠪᠦᠷᠢᠯᠡᠬᠦ ᠵᠡᠷᠭᠡ ᠪᠣᠯᠣᠨ᠎ᠠ᠃ ᠡᠷᠳᠡᠨᠢᠳᠠᠯᠠᠢ ᠳᠤ ᠲᠡᠭᠷᠢ ᠭᠠᠵᠠᠷ ᠢ ᠳᠣᠩᠰᠣᠯᠭᠠᠭᠰᠠᠨ ᠦᠢᠯᠡ ᠶᠠᠪᠤᠳᠠᠯ ᠭᠡᠵᠦ ᠪᠠᠶᠢᠬᠤ ᠦᠭᠡᠢ᠂ ᠵᠥᠪᠭᠡᠨ | ᠰᠢᠢᠳᠪᠦᠷᠢᠯᠡᠵᠦ ᠳᠠᠭᠤᠰᠤᠰᠢ ᠦᠭᠡᠢ ᠠᠷᠰᠠᠷ ᠶᠠᠪᠤᠳᠠᠯ ᠪᠠᠶᠢᠳᠠᠭ᠂ ᠭᠡᠪᠡᠴᠦ ᠡᠳᠡᠭᠡᠷ ᠠᠷᠰᠠᠷ ᠶᠠᠪᠤᠳᠠᠯ ᠨᠢ ᠮᠠᠯᠴᠢᠳ ᠲᠤ ᠠᠪᠴᠤ ᠬᠡᠯᠡᠪᠡᠯ ᠴᠥᠮ ᠶᠡᠭᠡ ᠶᠠᠪᠤᠳᠠᠯ | ᠪᠤᠯᠬᠤ ᠶᠤᠮ᠃ | ︽ᠳᠠᠯᠠᠶ ᠪᠣᠯ ᠮᠠᠨ ᠤ ᠲᠦᠰᠢᠭ ᠲᠤᠯᠭᠠᠭᠤᠷᠢ ᠮᠥᠨ︕︾ ᠱᠠᠩᠳᠤ ᠭᠠᠴᠠᠭᠠᠨ ᠤ ᠮᠠᠯᠴᠢᠳ ᠲᠡᠭᠦᠨ ᠢ ᠢᠩᠭᠢᠵᠦ ᠦᠨᠡᠯᠡᠳᠡᠭ᠃ ᠭᠠᠵᠠᠷ ᠨᠤᠲᠤᠭ ᠠᠭᠤᠳᠠᠮ | ᠬᠥᠮᠥᠨ ᠠᠮᠠ ᠴᠥᠭᠡᠨ᠂ ᠬᠢᠯᠢ ᠶᠢ ᠪᠠᠶᠢᠴᠠᠭᠠᠵᠤ᠂ ᠠᠶᠢᠯ ᠭᠡᠷ ᠢᠶᠠᠷ ᠠᠶᠢᠯᠴᠢᠯᠠᠬᠤ ᠳᠤ ᠬᠡᠳᠦᠨ ᠠᠷᠪᠠᠨ ᠭᠠᠵᠠᠷ ᠶᠠᠪᠤᠳᠠᠭ᠃ ᠡᠷᠳᠡᠨᠢᠳᠠᠯᠠᠢ ᠴᠢᠯᠦᠭᠡ ᠭᠠᠷᠤᠭᠰᠠᠭᠠᠷ | ᠮᠠᠯᠴᠢᠨ ᠠᠶᠢᠯ ᠢᠶᠠᠷ ᠬᠦᠷᠴᠦ᠂ ᠲᠡᠳᠡᠨ ᠤ ᠪᠤᠳᠣᠯ ᠰᠠᠨᠠᠭ᠎ᠠ ᠶᠢ ᠣᠶᠢᠯᠠᠭᠠᠳᠠᠭ᠃ ᠢᠯᠠᠩᠭᠤᠶ᠎ᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠤ ᠳᠠᠷᠠᠭ᠎ᠠ᠂ ᠲᠡᠷᠡ ᠮᠠᠯᠴᠢᠳ ᠤᠨ ᠭᠡᠷ ᠲᠤ ᠬᠦᠷᠬᠦ ᠨᠢ ᠨᠡᠩ ᠤᠯᠠᠨ ᠪᠣᠯᠵᠠᠢ᠃ ᠮᠠᠯᠴᠢᠳ ᠡᠷᠳᠡᠨᠢᠳᠠᠯᠠᠢ ᠳᠤ᠂ | ᠮᠠᠯᠴᠢᠳ ᠤᠨ ᠣᠷᠣᠨ ᠰᠠᠭᠤᠴᠠ ᠲᠠᠷᠠᠬᠠᠢ ᠪᠤᠲᠠᠷᠬᠠᠢ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠤᠴᠤᠷᠤᠩᠭᠤᠢ᠂ ᠲᠤᠬᠠᠢ ᠶᠢᠨ ᠭᠠᠵᠠᠷ ᠤᠨ ᠵᠠᠮ | ᠬᠠᠷᠢᠯᠴᠠᠭ᠎ᠠ ᠲᠡᠭᠡᠭᠡᠪᠦᠷᠢ ᠰᠠᠭᠠᠳ ᠲᠠᠢ᠂ ᠦᠢᠯᠡᠳᠪᠦᠷᠢᠯᠡᠯ ᠠᠮᠢᠳᠤᠷᠠᠯ ᠳᠥᠭᠦᠮ ᠦᠭᠡᠢ ᠵᠡᠷᠭᠡ ᠠᠰᠠᠭᠤᠳᠠᠯ ᠮᠠᠰᠢ ᠲᠣᠪᠤᠶᠢᠮ᠎ᠠ ᠪᠠᠶᠢᠨ᠎ᠠ ᠭᠡᠵᠦ ᠲᠤᠰᠬᠠᠪᠠ᠃ | ᠡᠷᠳᠡᠨᠢᠳᠠᠯᠠᠢ ᠬᠢᠯᠢ ᠬᠢᠵᠠᠭᠠᠷ ᠣᠷᠣᠨ ᠤ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ᠂ ᠮᠠᠯ ᠠᠵᠤ ᠠᠬᠤᠢ ᠶᠢᠨ ᠮᠠᠰᠢᠨᠴᠢᠯᠠᠯᠲᠠ ᠣᠶᠤᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠵᠡᠷᠭᠡ ᠲᠠᠯ᠎ᠠ ᠪᠠᠷ ᠤᠯᠠᠨ | ᠰᠠᠨᠠᠭᠤᠯᠭ᠎ᠠ ᠳᠤᠷᠠᠳᠴᠠᠢ᠃ ᠡᠷᠳᠡᠨᠢᠳᠠᠯᠠᠢ ᠶᠢᠨ ᠠᠬᠢᠭᠤᠯᠤᠯ ᠳᠣᠣᠷ᠎ᠠ᠂ ᠨᠡᠩ ᠤᠯᠠᠨ ᠮᠠᠯᠴᠢᠨ ᠡᠷᠦᠭᠡ ︽ᠰᠠᠭᠠᠳ ᠦᠭᠡᠢ ᠴᠠᠭᠢᠯᠭᠠᠨ ᠨᠡᠪᠲᠡᠷᠡᠬᠦ︾ ᠶᠢ | ᠪᠡᠶᠡᠯᠡᠭᠦᠯᠵᠦ᠂ ᠬᠡᠰᠡᠭ ᠮᠠᠯᠴᠢᠨ ᠡᠷᠦᠭᠡ ᠰᠢᠨ᠎ᠡ ᠡᠨᠧᠷᠭᠢ ᠶᠢᠨ ᠴᠠᠭᠢᠯᠭᠠᠨ ᠬᠡᠷᠡᠭᠯᠡᠬᠦ ᠲᠤᠷᠰᠢᠯᠲᠠ ᠶᠢᠨ ᠡᠷᠦᠭᠡ ᠪᠣᠯᠵᠤ᠂ ᠴᠢᠮᠡᠭᠡ ᠬᠤᠯᠪᠣᠭᠠᠨ ᠤ ᠳᠤᠭᠢᠶᠠᠨ ᠤ | ᠪᠦᠷᠬᠦᠴᠡ ᠶᠢᠨ ᠲᠠᠯᠠᠪᠠᠢ ᠨᠡᠩ ᠶᠡᠭᠡ ᠪᠣᠯᠵᠤ᠂ ᠤᠯᠠᠨ ᠲᠦᠮᠡᠨ ᠤ ᠵᠢᠷᠭᠠᠯᠲᠤ ᠲᠥᠷᠥᠭᠳᠡᠯ ᠨᠡᠮᠡᠭᠳᠡᠪᠡ᠃ ᠵᠤᠷᠪᠤᠰ ᠵᠤᠷᠪᠤᠰ ᠰᠤᠨᠤᠯᠵᠠᠬᠤ ᠥᠷᠭᠡᠨ ᠳᠠᠷᠳᠠᠩ ᠵᠠᠮ ᠨᠢ | ᠲᠣᠷᠭᠠᠨ ᠪᠦᠰᠡ ᠰᠢᠭ ᠥᠷᠭᠡᠨ ᠠᠭᠤᠳᠠᠮ ᠲᠠᠯ᠎ᠠ ᠨᠤᠲᠤᠭ ᠳᠡᠭᠡᠷᠡᠬᠢ ᠲᠦᠭ ᠲᠦᠮᠡᠨ ᠠᠶᠢᠯ ᠡᠷᠦᠭᠡ ᠶᠢ ᠬᠤᠯᠪᠣᠪᠠ᠃ ᠡᠨᠡ ᠵᠢᠯ ᠤᠨ ᠪᠦᠭᠦ ᠤᠯᠤᠰ ᠤᠨ ᠬᠤᠶᠠᠷ | ᠬᠤᠷᠠᠯ ᠳᠡᠭᠡᠷ᠎ᠡ᠂ ᠡᠷᠳᠡᠨᠢᠳᠠᠯᠠᠢ ︽ᠬᠢᠯᠢ ᠶᠢᠨ ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ | ᠲᠦᠷᠭᠡᠳᠬᠡᠬᠦ ᠲᠤᠬᠠᠢ ᠰᠠᠨᠠᠭᠤᠯᠭ᠎ᠠ︾᠂ ︽ᠦᠬᠡᠷ ᠬᠤᠨᠢᠨ ᠤ ᠦᠨ᠎ᠡ ᠬᠠᠩᠰᠢ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠲᠤᠬᠠᠢ | ᠰᠠᠨᠠᠭᠤᠯᠭ᠎ᠠ︾ ᠳᠤᠷᠠᠳᠪᠠ᠃ ︽ᠮᠠᠯᠴᠢᠳ ᠤᠨ ᠰᠡᠳᠬᠢᠯ ᠤᠨ ᠳᠠᠭᠤᠨ ᠪᠣᠯ ᠳᠠᠷᠤᠢ ᠮᠢᠨᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠭᠯᠡᠯ ᠮᠥᠨ︾ ᠭᠡᠵᠦ | ᠲᠡᠷᠡ ᠬᠡᠯᠡᠳᠡᠭ᠃ | ᠵᠢᠷᠭᠠᠬᠤ ᠨᠡᠷᠡᠨ ᠠᠭᠤᠯᠠᠨ ᠤ ᠪᠠᠷᠠᠭᠤᠨ᠎ᠠ ᠣᠷᠣᠬᠤ ᠦᠶ᠎ᠡ ᠪᠠᠷ ᠪᠠᠶᠠᠷᠯᠠᠨ ᠬᠥᠭᠡᠷᠦᠯᠳᠦᠵᠦ ᠪᠠᠶᠢᠭ᠎ᠠ ᠬᠥᠮᠥᠰ ᠠᠭᠠᠵᠢᠮ ᠢᠶᠠᠷ ᠲᠠᠷᠬᠠᠨ ᠶᠠᠪᠤᠵᠠᠭᠠᠪᠠ᠃ | ᠡᠷᠳᠡᠨᠢᠳᠠᠯᠠᠢ ᠮᠣᠩᠭᠤᠯ ᠭᠡᠷ ᠤᠨ ᠢᠶᠠᠨ ᠡᠮᠦᠨ᠎ᠡ ᠵᠣᠭᠰᠣᠵᠤ᠂ ᠭᠦᠪᠡᠭᠡ ᠬᠢᠵᠠᠭᠠᠷ ᠦᠭᠡᠢ ᠲᠠᠯ᠎ᠠ ᠨᠤᠲᠤᠭ ᠪᠠ ᠠᠯᠤᠰ ᠬᠤᠯᠠ ᠶᠢᠨ ᠬᠢᠯᠢ ᠶᠢᠨ ᠱᠤᠭᠤᠮ ᠢ ᠬᠠᠷᠠᠭᠠᠳ | ᠰᠤᠷᠪᠤᠯᠵᠢᠯᠠᠬᠴᠢ ᠳᠤ᠄ ︽ᠪᠢ ᠡᠨᠡ ᠬᠦ ᠢᠷᠠᠭᠤ ᠠᠯᠳᠠᠷ ᠢ ᠬᠠᠷᠢᠭᠤᠴᠠᠯᠭ᠎ᠠ ᠬᠡᠮᠡᠨ ᠦᠵᠡᠵᠦ᠂ ᠣᠯᠠᠨ ᠢ ᠳᠠᠭᠠᠭᠤᠯᠤᠨ ᠮᠠᠯᠵᠢᠬᠤ ᠣᠷᠣᠨ ᠢ ᠨᠠᠩ ᠰᠠᠶᠢᠲᠤᠷ | ᠪᠦᠲᠦᠭᠡᠨ ᠪᠠᠶᠢᠭᠤᠯᠵᠤ᠂ ᠬᠢᠯᠢ ᠬᠢᠵᠠᠭᠠᠷ ᠢ ᠨᠠᠩ ᠪᠠᠲᠤ ᠪᠠᠬᠢ ᠪᠣᠯᠭᠠᠨ᠎ᠠ︾ ᠭᠡᠪᠡ᠃ | ᠰᠣᠷᠪᠤᠯᠵᠢᠯᠠᠭ᠎ᠠ ᠶᠢᠨ ᠳᠤᠮᠳᠠ᠂ ᠰᠤᠷᠪᠤᠯᠵᠢᠯᠠᠬᠴᠢ ᠶᠢ ᠬᠠᠮᠤᠭ ᠠᠴᠠ ᠢᠯᠡᠭᠦᠦ ᠰᠡᠳᠬᠢᠯ ᠬᠥᠳᠡᠯᠭᠡᠳᠡᠭ ᠨᠢ ᠲᠡᠳᠡᠭᠡᠷ ᠢᠷᠠᠭᠤ ᠠᠯᠳᠠᠷ ᠤᠨ ᠲᠡᠮᠳᠡᠭ ᠪᠢᠰᠢ᠂ | ᠬᠠᠷᠢᠨ ᠮᠠᠯᠴᠢᠳ ︽ᠮᠠᠨ ᠤ ᠲᠡᠯᠡᠶ︾ ᠭᠡᠵᠦ ᠶᠠᠷᠢᠬᠤ ᠳᠤᠮᠳᠠ ᠠᠶᠠᠨᠳᠠᠭᠠᠨ ᠢᠯᠡᠷᠡᠭᠦᠯᠦᠭᠰᠡᠨ ᠢᠲᠡᠭᠡᠯ ᠪᠣᠯ ᠡᠷᠳᠡᠨᠢᠳᠠᠯᠠᠢ ᠶᠢᠨ ᠶᠠᠰᠤᠨ ᠳᠠᠭᠠᠨ ᠰᠡᠶᠢᠯᠦᠭᠰᠡᠨ | ᠤᠯᠤᠰ ᠣᠷᠣᠨ ᠤ ᠲᠥᠯᠥᠭᠡ ᠭᠡᠬᠦ ᠬᠠᠷᠢᠭᠤᠴᠠᠯᠭ᠎ᠠ ᠡᠭᠦᠷᠭᠡᠯᠡᠯ ᠪᠣᠯᠣᠨ᠎ᠠ᠃ | ︽ᠢᠷᠠᠭᠤ ᠠᠯᠳᠠᠷ ᠢ ᠲᠠᠯ᠎ᠠ ᠨᠤᠲᠤᠭ ᠨᠠᠳᠠ ᠣᠯᠭᠤᠭᠰᠠᠨ᠂ ᠡᠶᠢᠨᠬᠦ ᠡᠨᠡ ᠢᠷᠠᠭᠤ ᠠᠯᠳᠠᠷ ᠢ ᠲᠠᠯ᠎ᠠ ᠨᠤᠲᠤᠭ ᠲᠤ ᠪᠤᠴᠠᠭᠠᠬᠤ ᠬᠡᠷᠡᠭᠲᠡᠢ︾᠃ ᠡᠷᠳᠡᠨᠢᠳᠠᠯᠠᠢ | ᠡᠨᠡ ᠦᠭᠡ ᠶᠢ ᠬᠡᠯᠡᠬᠦ ᠦᠶ᠎ᠡ ᠳᠤ ᠳᠣᠬᠢᠭᠤᠷ ᠲᠤᠯᠤᠭᠠᠨ ᠣᠲᠣ ᠶᠠᠭ ᠬᠢᠯᠢ ᠶᠢᠨ ᠱᠤᠭᠤᠮ ᠤᠨ ᠣᠭᠲᠠᠷᠭᠤᠢ ᠳᠤ ᠳᠤᠸᠠᠯᠠᠵᠤ᠂ ᠲᠡᠭᠦᠨ ᠤ ᠳᠥᠴᠢᠨ ᠵᠢᠯ ᠤᠨ | ᠲᠤᠷᠰᠢ ᠶᠠᠪᠤᠵᠤ ᠥᠩᠭᠡᠷᠡᠭᠰᠡᠨ ︽ᠮᠠᠯᠴᠢᠳ ᠤᠨ ᠵᠠᠮ︾ ᠢ ᠭᠡᠷᠡᠯᠲᠦᠭᠦᠯᠦᠭᠰᠡᠨ ᠪᠠᠶᠢᠯ᠎ᠠ᠃ ᠡᠨᠡ ᠵᠤᠷᠪᠤᠰ ᠵᠠᠮ ᠨᠢ ᠬᠢᠯᠢ ᠶᠢᠨ ᠬᠥᠰᠢᠶ᠎ᠡ ᠪᠣᠯᠣᠨ ᠮᠣᠩᠭᠤᠯ ᠭᠡᠷ ᠢ | ᠬᠤᠯᠪᠣᠵᠤ᠂ ᠲᠡᠮᠦᠷ ᠲᠣᠣᠷ ᠪᠣᠯᠣᠨ ᠣᠶᠤᠨᠲᠤ ᠮᠠᠯᠵᠢᠯ ᠤᠨ ᠲᠠᠯᠠᠪᠠᠢ ᠶᠢ ᠬᠤᠯᠪᠣᠵᠤ᠂ ᠨᠠᠩ ᠴᠤ ᠮᠠᠯᠴᠢᠳ ᠤᠨ ᠢᠲᠡᠭᠡᠯ ᠪᠠ ᠬᠦᠰᠡᠯ ᠡᠷᠡᠮᠡᠯᠵᠡᠯ ᠢ ᠬᠤᠯᠪᠣᠵᠤ | ᠪᠠᠶᠢᠨ᠎ᠠ᠃ | | | | | | | | | | | | | |