︽ᠪᠡᠭᠡᠵᠢᠩ ᠲᠢᠶᠠᠨᠵᠢᠨ ᠾᠧᠪᠧᠢ ᠬᠥᠬᠡᠬᠤᠲᠠ︾ ᠶᠢᠨ ᠣᠷᠣᠨ ᠪᠦᠰᠡ ᠠᠯᠤᠰᠯᠠᠨ ᠨᠡᠶᠢᠳᠡᠮ ᠳᠤ ᠨᠢ ᠭᠦᠢᠴᠡᠳᠬᠡᠵᠦ ᠪᠣᠯᠬᠤ ᠵᠦᠢᠯᠡᠰ ᠨᠡᠮᠡᠭᠳᠡᠭᠡᠳ 264 ᠪᠣᠯᠪᠠ︕
ᠨᠡᠶᠢᠲᠡᠯᠡᠭᠰᠡᠨ ᠴᠠᠭ᠄
2025/5/7
      ︽ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠤᠨ ᠰᠤᠪᠠᠭ︾ ᠤᠨ 5 ᠳ᠋ᠤᠭᠠᠷ ᠰᠠᠷ᠎ᠠ ᠶᠢᠨ 5 ᠤ ᠡᠳᠦᠷ ᠤᠨ ᠮᠡᠳᠡᠭᠡᠯᠡᠭᠰᠡᠨ ᠢᠶᠠᠷ᠂ ᠬᠥᠬᠡᠬᠤᠲᠠ ᠶᠢᠨ︽ᠪᠡᠭᠡᠵᠢᠩ ᠲᠢᠶᠠᠨᠵᠢᠨ ᠾᠧᠪᠧᠢ ᠬᠥᠬᠡᠬᠤᠲᠠ︾ ᠶᠢᠨ ᠣᠷᠣᠨ ᠪᠦᠰᠡ ᠠᠯᠤᠰᠯᠠᠨ ᠨᠡᠶᠢᠳᠡᠮ ᠳᠤ ᠨᠢ ᠭᠦᠢᠴᠡᠳᠬᠡᠵᠦ ᠪᠣᠯᠬᠤ ᠵᠦᠢᠯᠡᠰ ᠨᠡᠮᠡᠭᠳᠡᠭᠡᠳ ᠨᠢᠭᠡᠨᠲᠡ 264 ᠪᠣᠯᠵᠠᠢ᠃ ᠡᠲᠡᠭᠡᠷ ᠵᠦᠢᠯᠡᠰ ᠲᠤ ᠡᠵᠡᠩᠨᠡᠯᠲᠡ ᠶᠢᠨ ᠦᠨᠡᠮᠯᠡᠯ ᠢᠶᠠᠨ ᠨᠥᠬᠦᠵᠦ ᠠᠪᠬᠤ ᠪᠠ ᠰᠣᠯᠢᠵᠤ ᠣᠯᠭᠤᠬᠤ᠂ ᠡᠮᠨᠡᠯᠭᠡ ᠳᠤ ᠰᠠᠭᠤᠬᠤ ᠡᠭᠦᠳᠡᠨ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠬᠤ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠭᠤᠶᠤᠴᠢᠯᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠬᠤ ᠵᠡᠷᠭᠡ ᠠᠵᠤ ᠠᠬᠤᠶᠢᠯᠠᠯ ᠤᠨ ᠡᠵᠡᠩᠨᠡᠯᠲᠡ ᠬᠢᠭᠡᠳ ᠬᠤᠪᠢ ᠬᠥᠮᠥᠨ ᠤ ᠦᠢᠯᠡᠴᠢᠯᠡᠭᠡ ᠳᠤ ᠬᠤᠯᠪᠣᠭᠳᠠᠬᠤ ᠥᠨᠳᠥᠷ ᠳᠠᠪᠲᠠᠮᠵᠢᠲᠤ ᠵᠦᠢᠯᠡᠰ ᠢ ᠪᠠᠭᠲᠠᠭᠠᠨ᠎ᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ