ᠯᠢ ᠴᠢᠶᠠᠩ ᠪᠣᠯᠣᠨ ᠺᠧᠰᠲ᠋ᠠ ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 6 ᠤ ᠴᠠᠭᠢᠯᠭᠠᠨ ᠮᠡᠳᠡᠭᠡ 5 ᠰᠠᠷ᠎ᠠ ᠶᠢᠨ 6 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠪᠣᠯᠣᠨ ᠡᠸᠦ᠋ᠷᠦᠫᠡ ᠲᠢᠪ ᠤᠨ ᠬᠡᠷᠡᠭ ᠡᠷᠭᠢᠯᠡᠭᠴᠢᠳ ᠤᠨ ᠬᠤᠷᠠᠯ ᠤᠨ ᠲᠡᠷᠢᠭᠦᠯᠡᠭᠴᠢ ᠺᠧᠰᠲ᠋ᠠ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ | ᠵᠥᠪᠯᠡᠯ ᠤᠨ ᠲᠡᠷᠢᠭᠦᠯᠡᠭᠴᠢ ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ | ᠤᠯᠤᠰ ᠤᠳ ᠤᠨ ᠬᠤᠯᠪᠤᠭ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠮᠥᠨ᠂ ᠪᠠᠰᠠ ᠴᠤ ᠤᠯᠠᠨ ᠲᠦᠢᠯᠵᠢᠯᠳᠡ ᠶᠢ ᠠᠬᠢᠭᠤᠯᠬᠤ ᠬᠤᠶᠠᠷ ᠶᠡᠭᠡ ᠬᠦᠴᠦᠨ ᠮᠥᠨ᠂ ᠳᠡᠯᠡᠬᠡᠶᠢᠵᠢᠯᠲᠡ ᠶᠢ ᠳᠡᠮᠵᠢᠬᠦ ᠬᠤᠶᠠᠷ ᠶᠡᠭᠡ ᠵᠠᠬ᠎ᠠ ᠳᠡᠯᠭᠡᠭᠦᠷ | ᠮᠥᠨ᠂ ᠤᠯᠠᠨ ᠶᠠᠩᠵᠤᠲᠤ ᠴᠢᠨᠠᠷ ᠢ ᠰᠠᠨᠠᠭᠠᠴᠢᠯᠠᠬᠤ ᠬᠤᠶᠠᠷ ᠶᠡᠭᠡ ᠪᠣᠯᠪᠠᠰᠤᠨ ᠮᠥᠨ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠲᠤᠷᠰᠢ᠂ | ᠬᠤᠶᠠᠷ ᠲᠠᠯ᠎ᠠ ᠶᠢᠨ ᠡᠯ᠎ᠡ ᠳᠠᠪᠬᠤᠷᠭ᠎ᠠ᠂ ᠡᠯ᠎ᠡ ᠬᠦᠷᠢᠶᠡᠨ ᠳᠠᠬᠢ ᠶᠠᠪᠤᠯᠴᠠᠭ᠎ᠠ ᠨᠢᠭᠲᠠᠷᠠᠵᠤ᠂ ᠶᠠᠷᠢᠯᠴᠠᠭ᠎ᠠ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ | ᠰᠣᠶᠣᠯ ᠢᠷᠭᠡᠨᠰᠢᠯ ᠤᠨ ᠰᠣᠯᠢᠯᠴᠠᠭ᠎ᠠ ᠠᠮᠢᠳᠤᠯᠢᠭ ᠰᠠᠶᠢᠬᠠᠨ ᠶᠠᠪᠤᠭᠳᠠᠵᠤ᠂ ᠤᠯᠠᠨ ᠲᠠᠯ᠎ᠠ ᠶᠢᠨ ᠵᠣᠬᠢᠴᠠᠭᠤᠯᠭ᠎ᠠ ᠭᠠᠷᠮᠠᠭᠠᠢ ᠦᠷ᠎ᠡ ᠪᠦᠲᠦᠮᠵᠢ ᠣᠯᠪᠠ᠃ ᠳᠤᠮᠳᠠᠳᠤ | ᠡᠸᠦ᠋ᠷᠦᠫᠡ ᠶᠢᠨ ᠬᠠᠷᠢᠯᠴᠠᠭ᠎ᠠ ᠨᠢᠭᠡᠨᠲᠡ ᠳᠡᠯᠡᠬᠡᠢ ᠳᠡᠭᠡᠷᠡᠬᠢ ᠬᠠᠮᠤᠭ ᠤᠨ ᠨᠥᠯᠥᠭᠡᠯᠡᠬᠦ ᠬᠦᠴᠦᠨ ᠲᠠᠢ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠨᠢᠭᠡ ᠪᠣᠯᠵᠤ᠂ | ᠳᠤᠮᠳᠠᠳᠤ ᠡᠸᠦ᠋ᠷᠦᠫᠡ ᠶᠢᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ | ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠳᠦᠨ ᠤᠯᠠᠷᠢᠵᠤ᠂ ᠬᠥᠮᠥᠨ | ᠲᠥᠷᠥᠯᠬᠢᠲᠡᠨ ᠤ ᠨᠡᠶᠢᠭᠡᠮ ᠳᠠᠬᠢᠨᠲᠠ ᠵᠠᠩᠭᠢᠯᠠᠭ᠎ᠠ ᠶᠢᠨ ᠲᠣᠨᠣᠯᠵᠢᠨ ᠵᠠᠮ ᠳᠤ ᠣᠷᠣᠪᠠ᠃ ᠡᠷᠡᠭᠦᠯ ᠲᠣᠭᠲᠠᠭᠤᠨ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠨᠢ | ᠬᠠᠷᠢᠯᠴᠠᠨ ᠠᠮᠵᠢᠯᠲᠠ ᠣᠯᠬᠤ ᠶᠢ ᠠᠬᠢᠭᠤᠯᠬᠤ ᠪᠠᠷ ᠪᠠᠷᠠᠬᠤ ᠦᠭᠡᠢ ᠳᠡᠯᠡᠬᠡᠢ ᠳ᠋ᠠᠬᠢᠨ ᠢ ᠭᠡᠷᠡᠯᠳᠦᠭᠦᠯᠦᠨ ᠭᠡᠶᠢᠭᠦᠯᠦᠨ᠎ᠡ᠃ ᠪᠢ ᠳᠤᠮᠳᠠᠳᠤ ᠡᠸᠦ᠋ᠷᠦᠫᠡ ᠶᠢᠨ | ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠲᠡᠷᠢᠭᠦᠯᠡᠭᠴᠢ ᠺᠧᠰᠲ᠋ᠠ ᠪᠣᠯᠣᠨ ᠲᠡᠷᠢᠭᠦᠯᠡᠭᠴᠢ ᠹᠧᠩᠳᠧᠯᠠᠶᠢ᠊ ᠆ ᠧᠨ ᠲᠠᠢ | ᠬᠠᠮᠲᠤ ᠪᠠᠷ ᠴᠢᠷᠮᠠᠶᠢᠵᠤ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ᠳᠤᠮᠳᠠᠳᠤ ᠡᠸᠦ᠋ᠷᠦᠫᠡ ᠶᠢᠨ | ᠬᠠᠷᠢᠯᠴᠠᠭᠠᠨ ᠤ ᠬᠥᠭᠵᠢᠯᠲᠡ ᠶᠢᠨ ᠲᠤᠷᠰᠢᠯᠭ᠎ᠠ ᠶᠢ ᠳ᠋ᠦᠩᠨᠡᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠣᠶᠢᠯᠠᠭᠠᠯᠴᠠᠭ᠎ᠠ | ᠢᠲᠡᠭᠡᠯᠴᠡᠭᠡ ᠪᠠᠨ ᠨᠡᠮᠡᠭᠳᠡᠭᠦᠯᠵᠦ᠂ ᠬᠠᠨᠢᠲᠠᠨ ᠤ ᠪᠠᠶᠢᠷᠢ ᠲᠣᠭᠲᠠᠭᠠᠯᠲᠠ ᠪᠠᠨ ᠪᠠᠬᠢᠵᠢᠭᠦᠯᠵᠦ᠂ ᠬᠠᠷᠢᠯᠴᠠᠨ ᠨᠡᠭᠡᠭᠡᠯᠲᠡ ᠬᠢᠬᠦ ᠪᠠᠨ ᠥᠷᠭᠡᠳᠬᠡᠵᠦ᠂ | ᠵᠥᠷᠢᠯᠳᠦᠭᠡᠨ ᠢᠶᠠᠨ ᠲᠣᠬᠢᠲᠠᠢ ᠰᠢᠢᠳᠪᠦᠷᠢᠯᠡᠵᠦ᠂ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ᠃ ᠳᠤᠮᠳᠠᠳᠤ | ᠡᠸᠦ᠋ᠷᠦᠫᠡ ᠬᠤᠶᠠᠷ ᠲᠠᠯ᠎ᠠ ᠪᠠᠷ ᠢᠶᠠᠨ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠭᠠᠭᠴᠠ ᠲᠠᠯ᠎ᠠ ᠶᠢᠨ | ᠡᠵᠡᠷᠬᠡᠭᠯᠡᠯ ᠢ ᠡᠰᠡᠷᠭᠦᠴᠡᠵᠦ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠡᠷᠬᠡ ᠲᠡᠭᠰᠢ ᠡᠮᠬᠢ ᠵᠢᠷᠤᠮ ᠲᠠᠢ | ᠳᠡᠯᠡᠬᠡᠢ ᠶᠢᠨ ᠤᠯᠠᠨ ᠲᠦᠢᠯᠵᠢᠯᠳᠡ ᠪᠣᠯᠣᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠠᠬᠢᠭᠤᠯᠵᠤ᠂ | ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠥᠰ᠂ ᠥᠩᠭᠡᠷᠡᠭᠰᠡᠨ 50 ᠵᠢᠯ ᠳᠤ ᠳᠤᠮᠳᠠᠳᠤ ᠤᠯᠤᠰ ᠲᠡᠦᠬᠡᠨ ᠳᠡᠭᠡᠷᠡᠬᠢ | ᠬᠠᠮᠤᠭ ᠤᠨ ᠲᠦᠷᠭᠡᠨ ᠦᠷᠭᠦᠯᠵᠢᠯᠡᠭᠰᠡᠨ ᠠᠵᠤ ᠠᠬᠤᠢ ᠶᠢᠨ ᠨᠡᠮᠡᠭᠳᠡᠯ ᠢ ᠪᠡᠶᠡᠯᠡᠭᠦᠯᠪᠡ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ | ᠤᠯᠤᠰ ᠥᠷᠭᠡᠨ ᠳᠡᠯᠭᠡᠷ ᠬᠠᠷᠢᠯᠴᠠᠭ᠎ᠠ ᠪᠠᠶᠢᠭᠤᠯᠵᠤ᠂ ᠬᠠᠷᠢᠯᠴᠠᠨ ᠬᠠᠮᠤᠭ ᠤᠨ ᠴᠢᠬᠤᠯᠠ ᠠᠷᠠᠯᠵᠢᠶᠠᠨ ᠤ ᠬᠠᠨᠢᠲᠠᠨ ᠪᠣᠯᠵᠤ᠂ ᠬᠤᠶᠠᠷ ᠲᠠᠯ᠎ᠠ ᠶᠢᠨ ᠠᠷᠠᠳ | ᠲᠦᠮᠡᠨ ᠤ ᠠᠵᠠ ᠵᠢᠷᠭᠠᠯ ᠪᠣᠯᠣᠨ ᠠᠵᠤ ᠠᠬᠤᠢ ᠶᠢᠨ ᠬᠥᠭᠵᠢᠯ ᠴᠡᠴᠡᠭᠯᠡᠯ ᠳᠤ ᠬᠤᠪᠢ ᠨᠡᠮᠡᠷᠢ ᠦᠵᠡᠭᠦᠯᠪᠡ᠃ ᠣᠳᠣᠬᠠᠨ ᠤ ᠪᠦᠭᠦ ᠪᠥᠮᠪᠥᠷᠴᠡᠭ ᠤᠨ ᠲᠣᠬᠲᠠᠭᠠᠯᠲᠦ | ᠪᠤᠰᠤ ᠴᠢᠨᠠᠷ ᠪᠣᠯᠣᠨ ᠭᠠᠵᠠᠷ ᠣᠷᠣᠨ ᠤ ᠤᠯᠤᠰ ᠲᠦᠷᠦ ᠶᠢᠨ ᠬᠤᠪᠢᠷᠠᠯᠲᠠ ᠶᠢᠨ ᠠᠬᠤᠢ ᠪᠠᠶᠢᠳᠠᠯ ᠳᠣᠣᠷ᠎ᠠ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ | ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠶᠠᠪᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠬᠠᠮᠠᠭᠠᠯᠠᠵᠤ᠂ ᠭᠠᠷ ᠬᠤᠯᠪᠣᠨ ᠬᠠᠮᠲᠤ ᠶᠢᠨ ᠥᠷᠢᠰᠦᠯᠳᠦᠭᠡᠨ ᠢ | ᠠᠷᠭᠠᠴᠠᠭᠠᠵᠤ᠂ ᠳᠡᠯᠡᠬᠡᠢ ᠶᠢᠨ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ ᠪᠣᠯᠣᠨ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ ᠭᠡᠵᠦ | ᠢᠯᠡᠳᠬᠡᠪᠡ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠣᠨ ᠺᠧᠰᠲ᠋ᠠ᠂ ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ | ᠴᠠᠭᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠲᠠᠢ ᠬᠠᠮᠲᠤ ᠪᠠᠷ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ | ᠲᠣᠭᠲᠠᠭᠤᠨ ᠴᠢᠨᠠᠷ᠂ ᠪᠦᠲᠦᠭᠡᠯᠴᠢ ᠴᠢᠨᠠᠷ᠂ ᠬᠠᠷᠢᠯᠴᠠᠨ ᠬᠠᠷᠠᠭᠠᠯᠵᠠᠬᠤ ᠴᠢᠨᠠᠷ᠂ ᠪᠦᠭᠦ ᠪᠥᠮᠪᠥᠷᠴᠡᠭ ᠤᠨ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠥᠰ᠂ ᠥᠩᠭᠡᠷᠡᠭᠰᠡᠨ 50 ᠵᠢᠯ ᠳᠤ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ | ᠲᠠᠰᠤᠷᠠᠯᠳᠡ ᠦᠭᠡᠢ ᠭᠦᠨᠵᠡᠭᠡᠶᠢᠷᠡᠨ ᠥᠷᠭᠡᠵᠢᠪᠡ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠠᠭᠤᠷ | ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠤᠯᠠᠨ ᠲᠠᠯᠠᠲᠤ ᠦᠵᠡᠯ ᠪᠣᠯᠣᠨ | ᠲᠣᠭᠲᠠᠭᠤᠨ ᠳᠡᠯᠡᠬᠡᠢ ᠶᠢᠨ ᠡᠮᠬᠢ ᠳᠢᠭᠯᠢᠮ ᠢ ᠬᠠᠮᠠᠭᠠᠯᠠᠨ᠎ᠠ ᠭᠡᠵᠦ ᠢᠯᠡᠳᠬᠡᠪᠡ᠃ | | |