ᠤᠢᠢᠷ᠎ᠠ ᠶᠢᠨ ᠵᠢᠯ ᠳᠤ᠂ ᠤᠷᠠᠳ ᠤᠨ ᠳᠤᠮᠳᠠᠳᠤ ᠬᠤᠰᠢᠭᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠣᠰᠤ︾ | ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ︽ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠴᠦᠬᠦᠷᠦᠮ ᠡᠪᠡᠰᠦ | ᠤᠷᠭᠤᠮᠠᠯ ᠡᠯᠡᠰᠦ ᠮᠠᠩᠬ᠎ᠠ︾ ᠶᠢ ᠰᠢᠰᠲ᠋ᠧᠮ ᠲᠠᠢ ᠪᠠᠷ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ ᠤᠮᠠᠷᠠᠲᠤ ᠶᠢᠨ ᠭᠤᠷᠪᠠᠨ ᠤᠷᠤᠨ ︾ | ᠤ ᠢᠨᠵᠧᠨᠧᠷᠢᠩ ᠤᠨ ᠬᠠᠳᠤᠨ ᠭᠤᠣᠯ ᠤᠨ ᠲᠣᠬᠤᠢ ᠶᠢᠨ ᠣᠷᠤᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠲᠠᠯ᠎ᠠ ᠪᠠᠷ ᠡᠬᠢᠯᠡᠭᠦᠯᠪᠡ᠃ | ᠰᠢᠨᠡᠬᠦ᠋ᠷᠢᠶ᠎ᠡ ᠰᠤᠮᠤ ᠶᠢᠨ ᠬᠢᠯᠢ ᠳᠣᠲᠣᠷᠠᠬᠢ ︽ᠤᠷᠠᠳ ᠤᠨ ᠳᠤᠮᠳᠠᠳᠤ ᠬᠤᠰᠢᠭᠤ ︵2024 ᠣᠨ︶ ᠶᠢᠨ ᠮᠤᠨᠠ ᠠᠭᠤᠯᠠ ᠶᠢᠨ ᠠᠷᠤ ᠲᠠᠯ᠎ᠠ ᠶᠢᠨ ᠣᠷᠤᠨ | ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠵᠡᠷᠭᠡ ᠤᠮᠠᠷᠠᠲᠤ ᠶᠢᠨ ᠭᠤᠷᠪᠠᠨ ᠣᠷᠤᠨ ᠤ ᠵᠢᠷᠭᠤᠳᠤᠭᠠᠷ ᠬᠤᠭᠤᠴᠠᠭᠠᠨ ᠤ ᠭᠤᠤᠯᠳᠠᠯᠭ᠎ᠠ ᠲᠠᠢ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ︾ ᠤᠨ ᠭᠤᠷᠪᠠᠳᠤᠭᠠᠷ ᠪᠠᠷᠢᠮᠵᠢᠶ᠎ᠠ ᠶᠢᠨ ᠬᠡᠰᠡᠭ ᠪᠠᠷᠢᠯᠭ᠎ᠠ ᠶᠢᠨ ᠭᠠᠵᠠᠷ ᠤᠨ ᠲᠤᠬᠠᠶ ᠶᠢᠨ ᠲᠠᠯᠠᠪᠠᠶ ᠳᠤ᠂ ᠨᠢᠳᠤᠨᠤᠨ ᠤ ᠲᠠᠷᠢᠭᠰᠠᠨ | ᠬᠠᠷᠭᠠᠨ᠎ᠠ ᠶᠢᠨ ᠴᠢᠬᠢ ᠨᠣᠭᠤᠭᠠᠷᠠᠨ ᠬᠠᠷᠠᠭᠳᠠᠵᠤ᠂ ᠣᠲᠣ ᠦᠶ᠎ᠡ ᠶᠢᠨ ᠠᠮᠢ ᠠᠬᠤᠶ ᠶᠢᠨ ᠪᠣᠯᠪᠠᠰᠤᠨ ᠪᠠ ᠡᠶ᠎ᠡ ᠵᠣᠬᠢᠴᠠᠯ ᠲᠠᠢ ᠬᠥᠭᠵᠢᠯᠲᠡ ᠶᠢᠨ ᠵᠢᠷᠤᠭ ᠲᠥᠰᠥᠪ ᠢ | ᠬᠠᠷᠠᠭᠤᠯᠵᠤ ᠪᠠᠶᠢᠯ᠎ᠠ᠃ ᠲᠣᠰ ᠲᠥᠷᠥᠯ ᠵᠦᠢᠯ ᠨᠢ ᠡᠨᠡ ᠵᠢᠯ ᠤᠨ 2 ᠰᠠᠷ᠎ᠠ ᠶᠢᠨ 10 ᠤ ᠡᠳᠦᠷ᠂ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠡᠬᠢᠯᠡᠬᠦᠯᠦᠨ᠂ | ᠲᠦᠷᠦᠯ ᠵᠦᠢᠯ ᠤᠨ ᠲᠣᠬᠠᠢ ᠶᠢᠨ ᠲᠠᠯᠠᠪᠠᠢ ᠳᠤ ᠠᠵᠢᠯᠴᠢᠳᠤᠨ ᠬᠠᠷᠭᠠᠨ᠎ᠠ ᠪᠠ ᠪᠣᠳᠠ ᠮᠣᠳᠣ ᠳᠠᠷᠢᠬᠤ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠪᠠ᠃ | 2024 ᠣᠨ ᠳᠤ ᠤᠷᠠᠳ ᠤᠨ ᠳᠤᠮᠳᠠᠳᠤ ᠬᠤᠰᠢᠭᠤ ᠬᠥᠮᠦᠨ ᠤ ᠬᠦᠴᠦ ᠪᠠᠷ ᠡᠪᠡᠰᠦ ᠤᠷᠭᠤᠮᠠᠯ ᠲᠠᠷᠢᠬᠤ᠂ ᠪᠢᠲᠡᠭᠦᠮᠵᠢᠯᠡᠨ ᠴᠢᠬᠢ ᠦᠷ᠎ᠡ ᠪᠣᠶᠢᠵᠢᠭᠤᠯᠬᠤ᠂ | ᠲᠠᠴᠢᠷᠳᠠᠵᠤ ᠡᠯᠡᠰᠦᠷᠭᠡᠭᠵᠢᠭᠰᠡᠨ ᠤᠢ ᠮᠣᠳᠤ ᠶᠢ ᠰᠡᠷᠭᠦᠭᠡᠬᠦ᠂ ᠠᠭᠤᠯᠠ ︵ᠡᠯᠡᠰᠦ︶ ᠶᠢ ᠪᠢᠲᠡᠭᠦᠮᠵᠢᠯᠡᠨ ᠣᠶᠢᠵᠢᠭᠤᠯᠬᠤ ᠵᠡᠷᠭᠡ ᠵᠠᠰᠠᠯᠲᠠ ᠶᠢᠨ ᠵᠠᠭᠪᠤᠷ ᠢ ᠠᠪᠴᠤ᠂ | ᠡᠯᠡᠰᠦ ᠶᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠵᠤ᠂ ᠮᠤᠨᠠ ᠠᠭᠤᠯᠠ ᠶᠢᠨ ᠠᠷᠤ ᠲᠠᠯ᠎ᠠ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ᠂ ᠮᠤᠨᠠ ᠠᠭᠤᠯᠠ ᠶᠢᠨ ᠦᠪᠦᠷ ᠬᠤᠷᠮᠣᠢ ᠶᠢᠨ ᠠᠮᠢ ᠠᠬᠤᠢ ᠶᠢ | ᠶᠡᠷᠦᠩᠬᠡᠶᠢᠯᠡᠨ ᠵᠠᠰᠠᠬᠤ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠲᠠᠪᠤᠨ ᠶᠡᠭᠡ ᠠᠮᠢ | ᠠᠬᠤᠢ ᠶᠢ ᠰᠡᠷᠭᠦᠭᠡᠬᠦ ᠲᠦᠷᠦᠯ ᠵᠦᠢᠯ ᠢ ᠬᠡᠷᠡᠭᠵᠢᠭᠦᠯᠵᠦ᠂ ᠠᠮᠢ ᠠᠬᠤᠢ ᠶᠢᠨ ᠵᠠᠰᠠᠯᠲᠠ ᠶᠢᠨ ᠲᠠᠯᠠᠪᠠᠢ ᠶᠢ 100 ᠲᠦᠮᠡᠨ ᠮᠦ ᠳᠤ ᠬᠦᠷᠭᠡᠨ᠎ᠡ᠃ 2025 ᠣᠨ ᠳᠤ᠂ | ᠪᠥᠬᠦ ᠬᠤᠰᠢᠭᠤ ᠳᠥᠷᠪᠡᠨ ᠵᠦᠢᠯ ᠤᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠲᠥᠷᠥᠯ ᠵᠦᠢᠯ ᠢ ᠥᠷᠨᠢᠭᠦᠯᠬᠦ ᠪᠠᠷ ᠲᠥᠯᠥᠪᠯᠡᠵᠦ᠂ ᠡᠯᠡᠰᠦ ᠶᠢ | ᠰᠡᠷᠭᠡᠶᠢᠯᠡᠨ ᠵᠠᠰᠠᠬᠤ ᠲᠠᠶᠢᠯᠠᠯᠳᠣᠭᠠᠨ ᠢ ᠦᠷᠭᠦᠯᠵᠢᠯᠡᠨ ᠰᠠᠶᠢᠲᠤᠷ ᠬᠢᠵᠦ᠂ ᠵᠢᠱᠢᠯᠲᠡ ᠪᠠᠷ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠠᠯᠠᠪᠠᠢ ᠶᠢ 250.79 ᠲᠦᠮᠡᠨ | ᠮᠥ ᠳᠤ ᠬᠦᠷᠦᠭᠦᠯᠵᠦ᠂ ᠲᠠᠴᠢᠷᠳᠠᠵᠤ ᠡᠯᠡᠰᠦᠷᠭᠡᠭᠵᠢᠭᠰᠡᠨ ᠨᠤᠲᠤᠭ ᠪᠡᠯᠴᠢᠭᠡᠷ ᠢ 287 ᠲᠦᠮᠡᠨ ᠮᠥ ᠰᠡᠷᠭᠦᠭᠡᠬᠦ ᠶᠢ ᠬᠡᠷᠡᠭᠵᠢᠭᠦᠯᠦᠨ᠎ᠡ᠃ ᠣᠳᠣᠬᠠᠨ ᠳᠤ᠂ ᠡᠯ᠎ᠡ | ᠵᠦᠢᠯ ᠤᠨ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | ᠡᠭᠦᠨ ᠠᠴᠠ ᠭᠠᠳᠠᠨ᠎ᠠ᠂ ᠤᠷᠠᠳ ᠤᠨ ᠳᠤᠮᠳᠠᠳᠤ ᠬᠤᠰᠢᠭᠤ 2026 ᠣᠨ ᠤ ᠭᠤᠤᠯᠳᠠᠯᠭ᠎ᠠ ᠲᠠᠢ ᠢᠨᠵᠧᠨᠧᠷᠢᠩ ᠢ ᠤᠷᠢᠳᠴᠢᠯᠠᠨ ᠲᠥᠯᠥᠪᠯᠡᠵᠦ᠂ 11.416 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠠᠯᠠᠪᠠᠢ ᠶᠢ 69.09 ᠲᠦᠮᠡᠨ ᠮᠥ ᠳᠤ | ᠭᠦᠷᠦᠭᠦᠯᠵᠦ᠂ ᠲᠠᠴᠢᠷᠳᠠᠵᠤ ᠡᠯᠡᠰᠦᠷᠭᠡᠭᠵᠢᠭᠰᠡᠨ ᠨᠤᠲᠤᠭ ᠪᠡᠯᠴᠢᠭᠡᠷ ᠢ 178.6 ᠲᠦᠮᠡᠨ ᠮᠥ ᠵᠠᠰᠠᠨ ᠰᠡᠷᠭᠦᠭᠡᠬᠦ ᠶᠢ ᠬᠡᠷᠡᠭᠵᠢᠭᠦᠯᠵᠦ᠂ ᠠᠮᠢ ᠠᠬᠤᠶ ᠶᠢᠨ ᠰᠢᠰᠲ᠋ᠧᠮ ᠢ | ᠦᠨᠡᠨ ᠬᠦ ᠬᠠᠮᠠᠭᠠᠯᠠᠨ ᠰᠠᠶᠢᠵᠢᠷᠠᠭᠤᠯᠵᠤ᠂ ᠪᠥᠬᠦ ᠬᠤᠰᠢᠭᠤᠨ ᠤ ᠦᠷᠭᠦᠯᠵᠢᠯᠡᠬᠦᠶᠢᠴᠡ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠪᠠᠷ ᠲᠦᠯᠦᠪᠯᠡᠵᠦ ᠪᠠᠶᠢᠨ᠎ᠠ᠃ | | | | | | | |